11. ᠬᠥᠳᠡᠯᠮᠦᠷᠢᠴᠢᠨ ᠪᠣᠯᠣᠨ ᠬᠥᠮᠥᠨ ᠬᠡᠷᠡᠭᠯᠡᠬᠦ ᠨᠢᠭᠡᠴᠢ ᠶᠢᠨ ᠬᠥᠳᠡᠯᠮᠦᠷᠢ ᠶᠢᠨ ᠬᠠᠷᠢᠴᠠᠭ᠎ᠠ ᠶᠢ ᠭᠡᠷᠡᠴᠢᠯᠡᠬᠦ | ᠬᠦᠴᠦᠨ ᠪᠦᠬᠦᠢ ᠭᠡᠷᠡᠴᠢ ᠪᠠᠷᠢᠮᠲᠠ ᠶᠡᠭᠤ ᠶᠡᠭᠤ ᠪᠠᠶᠢᠳᠠᠭ ᠪᠤᠢ︖ | ᠬᠠᠷᠢᠭᠤᠯᠲᠠ᠄ ᠬᠥᠳᠡᠯᠮᠦᠷᠢᠴᠢᠨ ᠪᠠ ᠬᠥᠮᠥᠨ ᠬᠡᠷᠡᠭᠯᠡᠬᠦ ᠨᠢᠭᠡᠴᠢ ᠶᠢᠨ ᠬᠤᠭᠤᠷᠣᠨᠳᠤ ᠬᠥᠳᠡᠯᠮᠦᠷᠢ ᠶᠢᠨ | ᠬᠠᠷᠢᠴᠠᠭ᠎ᠠ ᠲᠠᠢ ᠪᠠᠶᠢᠬᠤ ᠶᠢ ᠭᠡᠷᠡᠴᠢᠯᠡᠬᠦ ᠬᠦᠴᠦᠨ ᠪᠦᠬᠦᠢ ᠭᠡᠷᠡᠴᠢ ᠪᠠᠷᠢᠮᠲᠠ ᠨᠢ ᠶᠡᠷᠦ ᠳᠡᠭᠡᠨ ᠳᠣᠣᠷᠠᠬᠢ ᠮᠡᠲᠦ | ᠬᠡᠳᠦᠨ ᠵᠦᠢᠯ ᠪᠠᠶᠢᠳᠠᠭ᠄ ① ᠬᠤᠶᠠᠷ ᠲᠠᠯ᠎ᠠ ᠶᠢᠨ ᠲᠤᠭᠳᠠᠭᠰᠠᠨ ᠬᠥᠳᠡᠯᠮᠦᠷᠢ ᠶᠢᠨ ᠭᠡᠷ᠎ᠡ ② ᠴᠠᠯᠢᠩ | ᠦᠭᠴᠤ ᠪᠠᠶᠢᠭ᠎ᠠ ᠨᠢᠭᠡᠴᠡ ᠶᠢᠨ ᠴᠠᠯᠢᠩ ᠤᠨ ᠺᠠᠷᠲ᠂ ᠴᠠᠯᠢᠩ ᠤᠨ ᠬᠠᠳᠠᠭᠠᠯᠠᠮᠵᠢ ᠶᠢᠨ ᠳᠡᠪᠲᠡᠷ᠂ ᠨᠢᠭᠡᠴᠢ ᠶᠢᠨ | ᠲᠠᠮᠠᠭ᠎ᠠ ᠳᠠᠷᠤᠵᠤ ᠨᠤᠲᠠᠯᠠᠭᠰᠠᠨ ᠴᠠᠯᠢᠩ ᠦᠭᠭᠦᠭᠰᠡᠨ ᠬᠠᠭᠤᠳᠠᠰᠤ ᠪᠤᠶᠤ ᠲᠡᠮᠳᠡᠭᠯᠡᠯ᠂ ᠨᠢᠭᠡᠴᠢ ᠶᠢᠨ ᠲᠠᠮᠠᠭ᠎ᠠ | ᠳᠠᠷᠤᠭᠰᠠᠨ ᠠᠵᠢᠯᠲᠠᠨ ᠠᠵᠢᠯᠴᠢᠨ ᠤ ᠨᠡᠷ᠎ᠡ ᠶᠢᠨ ᠪᠦᠷᠢᠳᠬᠡᠯ︔③ ᠬᠥᠮᠥᠨ ᠬᠡᠷᠡᠭᠯᠡᠬᠦ ᠨᠢᠭᠡᠴᠢ ᠠᠴᠠ | ᠬᠥᠳᠡᠯᠮᠦᠷᠢᠴᠢᠨ ᠳᠤ ᠲᠤᠰᠢᠶᠠᠭᠰᠠᠨ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠲᠡᠮᠳᠡᠭᠯᠡᠯ︔ | ④ ᠬᠥᠮᠥᠨ ᠬᠡᠷᠡᠭᠯᠡᠬᠦ ᠨᠢᠭᠡᠴᠢ ᠠᠴᠠ ᠬᠥᠳᠡᠯᠮᠦᠷᠢᠴᠢᠨ ᠳᠤ ᠲᠠᠷᠬᠠᠭᠠᠭᠰᠠᠨ ᠲᠠᠮᠠᠭ᠎ᠠ ᠳᠠᠷᠤᠭᠰᠠᠨ ︽ᠠᠵᠢᠯᠲᠠᠨ ᠤ | ᠦᠨᠡᠮᠯᠡᠯ︾᠂ ︽ᠦᠢᠯᠡᠴᠢᠯᠡᠭᠡᠨ ᠤ ᠦᠨᠡᠮᠯᠡᠯ︾ ᠵᠡᠷᠭᠡ ᠪᠡᠶ᠎ᠡ ᠶᠢᠨ ᠬᠢᠷᠢ ᠬᠡᠮ ᠢ ᠭᠡᠷᠡᠴᠢᠯᠡᠵᠦ ᠳᠡᠶᠢᠯᠬᠦ ᠦᠨᠡᠮᠯᠡᠯ︔ | ⑤ ᠬᠥᠳᠡᠯᠮᠦᠷᠢᠴᠢᠨ ᠠᠴᠠ ᠲᠠᠭᠯᠠᠭᠰᠠᠨ᠂ ᠬᠥᠮᠥᠨ ᠬᠡᠷᠡᠭᠯᠡᠬᠦ ᠨᠢᠭᠡᠴᠢ ᠶᠢᠨ ᠲᠠᠮᠠᠭ᠎ᠠ ᠳᠠᠷᠤᠭᠰᠠᠨ ᠠᠵᠢᠯᠴᠢᠨ ᠡᠯᠰᠡᠬᠦ | ᠪᠠ ᠤᠷᠢᠭᠰᠠᠨ ︽ᠪᠦᠷᠢᠳᠬᠡᠯ ᠤᠨ ᠬᠦᠰᠦᠨᠦᠭᠲᠦ︾᠂ ︽ᠨᠡᠷ᠎ᠡ ᠮᠡᠳᠡᠭᠦᠯᠬᠦ ᠬᠦᠰᠦᠨᠦᠭᠲᠦ︾ ᠵᠡᠷᠭᠡ ᠡᠯᠰᠡᠨ | ᠬᠡᠷᠡᠭᠯᠡᠭᠰᠡᠨ ᠲᠡᠮᠳᠡᠭᠯᠡᠯ︔⑥ ᠬᠥᠮᠥᠨ ᠬᠡᠷᠡᠭᠯᠡᠬᠦ ᠨᠢᠭᠡᠴᠢ ᠶᠢᠨ ᠲᠠᠮᠠᠭ᠎ᠠ ᠳᠠᠷᠤᠭᠰᠠᠨ ᠠᠵᠢᠯ ᠳᠤ ᠭᠠᠷᠤᠭᠰᠠᠨ | ᠲᠡᠮᠳᠡᠭᠯᠡᠯ︔⑦ ᠬᠥᠮᠥᠨ ᠬᠡᠷᠡᠭᠯᠡᠬᠦ ᠨᠢᠭᠡᠴᠢ ᠶᠢᠨ ᠣᠨᠳᠣᠣ ᠰᠠᠨᠠᠯ ᠦᠭᠡᠢ ᠪᠤᠰᠤᠳ ᠬᠥᠳᠡᠯᠮᠦᠷᠢᠴᠢᠨ ᠤ ᠭᠡᠷᠡᠴᠢ | ᠦᠭᠡ ᠵᠡᠷᠭᠡ᠃ | 12. ᠬᠥᠳᠡᠯᠮᠦᠷᠢᠴᠢᠨ ᠪᠣᠯᠣᠨ ᠬᠥᠮᠥᠨ ᠬᠡᠷᠡᠭᠯᠡᠬᠦ ᠨᠢᠭᠡᠴᠢ ᠬᠢᠨ ᠦᠰᠤᠭ᠌ ᠪᠢᠴᠢᠭ ᠤᠨ ᠬᠥᠳᠡᠯᠮᠦᠷᠢ ᠶᠢᠨ ᠭᠡᠷ᠎ᠡ | ᠲᠣᠭᠲᠠᠭᠠᠭᠰᠠᠨ ᠦᠭᠡᠢ ᠪᠠᠶᠢᠳᠠᠯ ᠳᠣᠣᠷ᠎ᠠ᠂ ᠬᠥᠳᠡᠯᠮᠦᠷᠢ ᠶᠢᠨ ᠮᠠᠷᠭᠤᠯᠳᠤᠭᠠᠨ ᠡᠭᠦᠰᠪᠡᠯ᠂ ᠬᠥᠨᠳᠡᠯᠡᠨ ᠠᠴᠠ | ᠲᠠᠰᠤᠯᠬᠤ ᠪᠠᠶᠢᠭᠤᠯᠤᠮᠵᠢ ᠬᠦᠯᠢᠶᠡᠨ ᠠᠪᠴᠤ ᠰᠢᠢᠳᠪᠤᠷᠢᠯᠡᠨ᠎ᠡ ᠤᠤ︖ | ᠬᠠᠷᠢᠭᠤᠯᠲᠠ᠄ ᠬᠥᠮᠥᠨ ᠬᠡᠷᠡᠭᠯᠡᠬᠦ ᠨᠢᠭᠡᠴᠢ ᠪᠣᠯᠣᠨ ᠬᠥᠳᠡᠯᠮᠦᠷᠢᠴᠢᠨ ᠬᠥᠳᠡᠯᠮᠦᠷᠢ ᠶᠢᠨ ᠮᠠᠷᠭᠤᠯᠳᠤᠭᠠᠨ | ᠡᠭᠦᠰᠪᠡᠯ᠂ ᠦᠰᠤᠭ᠌ ᠪᠢᠴᠢᠭ ᠤᠨ ᠬᠥᠳᠡᠯᠮᠦᠷᠢ ᠶᠢᠨ ᠭᠡᠷ᠎ᠡ ᠲᠣᠭᠲᠠᠭᠰᠠᠨ ᠡᠰᠡᠬᠦ ᠲᠠᠢ ᠬᠠᠮᠢᠶ᠎ᠠ ᠦᠭᠡᠢ᠂ ᠵᠦᠪᠭᠡᠨ | ᠦᠨᠡᠨ ᠪᠣᠳᠠᠲᠤ ᠬᠥᠳᠡᠯᠮᠦᠷᠢ ᠶᠢᠨ ᠬᠠᠷᠢᠴᠠᠭ᠎ᠠ ᠲᠠᠢ ᠯᠠ ᠶᠤᠮ ᠪᠣᠯ ᠴᠥᠮ ᠬᠥᠳᠡᠯᠮᠦᠷᠢ ᠶᠢᠨ ᠮᠠᠷᠭᠤᠯᠳᠤᠭᠠᠨ ᠳᠤ | ᠲᠣᠭᠠᠴᠠᠭᠳᠠᠨ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠠᠴᠠ ᠬᠠᠤᠯᠢ ᠶᠣᠰᠣᠭᠠᠷ ᠲᠡᠭᠦᠨ ᠳᠤ ᠵᠤᠬᠢᠬᠤ ᠬᠢᠨᠠᠨ | ᠪᠠᠶᠢᠴᠠᠭᠠᠯᠲᠠ ᠬᠢᠵᠦ᠂ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ ᠬᠦᠯᠢᠶᠡᠨ ᠠᠪᠴᠤ | ᠰᠢᠢᠳᠪᠦᠷᠢᠯᠡᠬᠦ ᠬᠡᠷᠡᠭᠲᠡᠢ᠃ | 13. ᠬᠦᠮᠤᠨ ᠬᠡᠷᠡᠭᠯᠡᠬᠦ ᠨᠢᠭᠡᠴᠢ ᠶᠢᠨ ︽ᠵᠠᠩᠭᠤᠶᠢᠳᠠ︾ ᠨᠢ ᠪᠠᠷᠠᠭ᠎ᠠ ᠰᠤᠷᠠᠭ ᠦᠭᠡᠢ ᠪᠣᠯᠤᠭᠰᠠᠨ ᠪᠠᠶᠢᠪᠠᠯ᠂ | ᠬᠥᠳᠡᠯᠮᠦᠷᠢᠴᠢᠨ ᠪᠠᠰᠠ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠪᠣᠯᠣᠨ᠎ᠠ ᠤᠤ︖ | | ᠬᠠᠷᠢᠭᠤᠯᠲᠠ᠄ ᠭᠡᠳᠤᠶᠢᠪᠡᠷ ᠬᠦᠮᠤᠨ ᠬᠡᠷᠡᠭᠯᠡᠬᠦ ᠨᠢᠭᠡᠴᠢ ᠶᠢᠨ ︽ᠵᠠᠩᠭᠤᠶᠢᠳᠠ︾ ᠨᠢ ᠪᠠᠷᠠᠭ᠎ᠠ ᠰᠤᠷᠠᠭ ᠦᠭᠡᠢ | ᠪᠣᠯᠤᠭᠰᠠᠨ ᠪᠤᠯᠪᠠᠴᠤ᠂ ᠬᠥᠳᠡᠯᠮᠦᠷᠢᠴᠢᠨ ᠪᠠᠰᠠ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠤᠭᠤᠯᠬᠤ ᠪᠠᠷ | ᠭᠤᠶᠤᠴᠢᠯᠠᠵᠤ ᠪᠣᠯᠣᠨ᠎ᠠ᠂ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠵᠦᠪᠯᠡᠯ ᠬᠢᠨ | ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠂ ᠭᠡᠪᠡᠴᠦ ᠬᠥᠮᠥᠨ ᠬᠡᠷᠡᠭᠯᠡᠭᠰᠡᠨ ᠨᠢᠭᠡᠴᠢ ᠳᠤ ᠠᠯᠪᠠᠨ ᠵᠠᠷ ᠤᠨ ᠬᠡᠯᠪᠡᠷᠢ | ᠪᠠᠷ ᠵᠠᠷᠭᠤ ᠬᠦᠯᠢᠶᠡᠬᠦ ᠮᠡᠳᠡᠭᠳᠡᠯ ᠤᠨ ᠪᠢᠴᠢᠭ ᠬᠦᠷᠭᠡᠬᠦ ᠵᠡᠷᠭᠡ ᠣᠨᠴᠠᠭᠠᠶ ᠠᠷᠭ᠎ᠠ ᠶᠢ ᠠᠪᠴᠤ | ᠪᠤᠯᠤᠨ᠎ᠠ᠃ ᠬᠥᠮᠥᠨ ᠬᠡᠷᠡᠭᠯᠡᠬᠦ ᠨᠢᠭᠡᠴᠢ ᠨᠢ ᠮᠡᠳᠡᠭᠳᠡᠭᠰᠡᠨ ᠲᠢᠩᠬᠢᠮ ᠨᠡᠭᠡᠭᠡᠬᠦ ᠡᠳᠦᠷ ᠲᠤ ᠰᠢᠭᠦᠬᠦ ᠲᠢᠩᠬᠢᠮ ᠳᠤ | ᠢᠷᠡᠵᠦ ᠵᠠᠭᠠᠯᠳᠤᠯᠭ᠎ᠠ ᠶᠢ ᠬᠦᠯᠢᠶᠡᠭᠰᠡᠨ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠬᠤ ᠵᠦᠪᠯᠡᠯ ᠬᠢᠨ | ᠤᠷᠤᠯᠴᠠᠭᠰᠠᠨ ᠦᠭᠡᠢ ᠪᠠᠷ ᠦᠵᠡᠵᠦ ᠮᠦᠨᠴᠤ ᠬᠥᠨᠳᠡᠯᠡᠨ ᠠᠴᠠ ᠲᠠᠰᠤᠯᠤᠭᠰᠠᠨ ᠲᠠᠰᠤᠯᠤᠯᠳᠠ ᠶᠢᠨ ᠪᠢᠴᠢᠭ | ᠭᠠᠷᠭᠠᠨ᠎ᠠ᠂ ᠵᠢᠴᠢ ᠪᠤᠰᠤᠳ ᠲᠠᠰᠤᠯᠤᠯᠳᠠ ᠶᠢᠨ ᠪᠢᠴᠢᠭ ᠲᠠᠢ ᠠᠳᠠᠯᠢᠬᠠᠨ ᠬᠠᠤᠯᠢ ᠶᠢᠨ ᠬᠦᠴᠦᠨ ᠲᠠᠢ᠃ | 14. ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠠᠴᠠ ᠡᠮᠦᠨ᠎ᠡ ᠬᠤᠶᠠᠷ ᠲᠠᠯ᠎ᠠ ᠪᠠᠷ ᠢᠶᠠᠨ ᠶᠠᠮᠠᠷ ᠶᠠᠮᠠᠷ ᠵᠤᠶᠢᠯ ᠢ | ᠮᠡᠳᠡᠭᠳᠡᠬᠦ ᠡᠭᠦᠷᠭᠡ ᠲᠠᠢ ᠪᠤᠢ︖ | ᠬᠠᠷᠢᠭᠤᠯᠲᠠ᠄ ᠬᠥᠮᠥᠨ ᠬᠡᠷᠡᠭᠯᠡᠬᠦ ᠨᠢᠭᠡᠴᠢ ᠬᠢᠨ ᠬᠥᠳᠡᠯᠮᠦᠷᠢᠴᠢᠨ ᠢ ᠡᠯᠰᠡᠵᠦ ᠬᠡᠷᠡᠭᠯᠡᠬᠦ ᠳᠡᠭᠡᠨ ᠠᠵᠢᠯ ᠤᠨ | ᠠᠭᠤᠯᠭ᠎ᠠ᠂ ᠠᠵᠢᠯᠯᠠᠬᠤ ᠨᠥᠬᠦᠴᠡᠯ᠂ ᠠᠵᠢᠯᠯᠠᠬᠤ ᠭᠠᠵᠠᠷ᠂ ᠠᠵᠢᠯ ᠲᠦᠷᠤᠯ ᠤᠨ ᠬᠤᠣᠷ ᠬᠥᠨᠥᠭᠡᠯ᠂ ᠠᠶᠤᠯᠬᠦᠢ | ᠦᠢᠯᠡᠳᠪᠦᠷᠢᠯᠡᠯ ᠤᠨ ᠪᠠᠶᠢᠳᠠᠯ᠂ ᠬᠥᠳᠡᠯᠮᠦᠷᠢ ᠶᠢᠨ ᠬᠥᠯᠥᠰᠦ ᠣᠯᠭᠤᠮᠵᠢ ᠵᠢᠴᠢ ᠬᠥᠳᠡᠯᠮᠦᠷᠢᠴᠢᠨ ᠤ ᠣᠶᠢᠯᠠᠭᠠᠬᠤ | ᠪᠠᠷ ᠱᠠᠭᠠᠷᠳᠠᠭᠰᠠᠨ ᠪᠤᠰᠤᠳ ᠵᠤᠶᠢᠯ ᠢ ᠬᠥᠳᠡᠯᠮᠦᠷᠢᠴᠢᠨ ᠳᠤ ᠦᠨᠡᠨ ᠮᠥᠨ ᠢᠶᠠᠷ ᠨᠢ ᠮᠡᠳᠡᠭᠳᠡᠬᠦ ᠬᠡᠷᠡᠭᠲᠡᠢ᠂ | ᠡᠭᠦᠨ ᠤ ᠬᠠᠮᠳᠤ᠂ ᠬᠥᠮᠥᠨ ᠬᠡᠷᠡᠭᠯᠡᠬᠦ ᠨᠢᠭᠡᠴᠢ ᠬᠢᠨ ᠪᠠᠰᠠ ᠬᠥᠳᠡᠯᠮᠦᠷᠢᠴᠢᠨ ᠤ ᠬᠥᠳᠡᠯᠮᠦᠷᠢ ᠶᠢᠨ ᠭᠡᠷ᠎ᠡ ᠲᠠᠢ | ᠰᠢᠭᠤᠳ ᠬᠤᠯᠪᠣᠭᠳᠠᠬᠤ ᠦᠨᠳᠦᠰᠦᠨ ᠪᠠᠶᠢᠳᠠᠯ ᠢ ᠣᠶᠢᠯᠠᠭᠠᠬᠤ ᠡᠷᠬᠡ ᠲᠠᠢ᠂ ᠬᠥᠳᠡᠯᠮᠦᠷᠢᠴᠢᠨ ᠦᠨᠡᠨ ᠮᠥᠨ ᠢᠶᠠᠷ | ᠲᠣᠳᠣᠷᠬᠠᠶᠢᠯᠠᠬᠤ ᠬᠡᠷᠡᠭᠲᠡᠢ᠃ | 15. ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠡᠷᠬᠡᠪᠰᠢ ᠬᠥᠳᠡᠯᠮᠦᠷᠢ ᠶᠢᠨ ᠭᠡᠷ᠎ᠡ ᠲᠤᠭᠳᠠᠬᠤ ᠬᠡᠷᠡᠭᠲᠡᠢ ᠤᠤ︖ | ᠬᠡᠷᠪᠡ ᠬᠥᠳᠡᠯᠮᠦᠷᠢ ᠶᠢᠨ ᠭᠡᠷ᠎ᠡ ᠲᠤᠭᠳᠠᠭᠰᠠᠨ ᠦᠭᠡᠢ ᠪᠣᠯ ᠶᠠᠮᠠᠷ ᠬᠠᠤᠯᠢ ᠴᠠᠭᠠᠵᠠ ᠶᠢᠨ ᠦᠷ᠎ᠡ ᠳ᠋ᠦᠩ ᠲᠠᠢ ᠪᠤᠢ︖ | | ᠬᠠᠷᠢᠭᠤᠯᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ | ᠬᠠᠤᠯᠢ︾ ᠶᠢᠨ ᠠᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠥᠳᠡᠯᠮᠦᠷᠢ ᠶᠢᠨ ᠬᠠᠷᠢᠴᠠᠭ᠎ᠠ | ᠪᠠᠶᠢᠭᠤᠯᠬᠤ ᠳᠤ ᠡᠷᠭᠡᠪᠰᠢ ᠦᠰᠤᠭ᠌ ᠪᠢᠴᠢᠭ ᠢᠶᠠᠷ ᠬᠥᠳᠡᠯᠮᠦᠷᠢ ᠶᠢᠨ ᠭᠡᠷ᠎ᠡ ᠲᠣᠭᠲᠠᠭᠠᠬᠤ ᠬᠡᠷᠡᠭᠲᠡᠢ᠃ ᠨᠢᠭᠡᠨᠲᠡ | ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠭᠰᠠᠨ ᠪᠣᠯᠪᠠᠴᠤ ᠦᠰᠤᠭ᠌ ᠪᠢᠴᠢᠭ ᠢᠶᠠᠷ ᠬᠥᠳᠡᠯᠮᠦᠷᠢ ᠶᠢᠨ ᠭᠡᠷ᠎ᠡ | ᠲᠣᠭᠲᠠᠭᠠᠭᠰᠠᠨ ᠦᠭᠡᠢ ᠪᠠᠶᠢᠪᠠᠯ᠂ ᠠᠵᠢᠯᠴᠢᠨ ᠢ ᠬᠡᠷᠡᠭᠯᠡᠭᠰᠡᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠣᠲᠣᠷ᠎ᠠ | ᠦᠰᠤᠭ᠌ ᠪᠢᠴᠢᠭ ᠤᠨ ᠬᠥᠳᠡᠯᠮᠦᠷᠢ ᠶᠢᠨ ᠭᠡᠷ᠎ᠡ ᠲᠣᠭᠲᠠᠭᠠᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠪᠣᠯᠣᠨ | ᠬᠥᠳᠡᠯᠮᠦᠷᠢᠴᠢᠨ ᠠᠵᠢᠯᠴᠢᠨ ᠬᠡᠷᠡᠭᠯᠡᠬᠦ ᠠᠴᠠ ᠡᠮᠦᠨ᠎ᠡ ᠬᠥᠳᠡᠯᠮᠦᠷᠢ ᠶᠢᠨ ᠭᠡᠷ᠎ᠡ ᠲᠤᠭᠳᠠᠭᠰᠠᠨ ᠪᠠᠶᠢᠪᠠᠯ᠂ | ᠬᠥᠳᠡᠯᠮᠦᠷᠢ ᠶᠢᠨ ᠬᠠᠷᠢᠴᠠᠭ᠎ᠠ ᠨᠢ ᠠᠵᠢᠯᠴᠢᠨ ᠬᠡᠷᠡᠭᠯᠡᠭᠰᠡᠨ ᠡᠳᠦᠷ ᠠᠴᠠ ᠡᠬᠢᠯᠡᠵᠦ ᠪᠠᠶᠢᠭᠤᠯᠤᠭᠳᠠᠨ᠎ᠠ᠃ ︵ᠦᠰᠤᠭ᠌ | ᠪᠢᠴᠢᠭ ᠤᠨ ᠬᠥᠳᠡᠯᠮᠦᠷᠢ ᠶᠢᠨ ᠭᠡᠷ᠎ᠡ ᠲᠤᠭᠳᠠᠭᠰᠠᠨ ᠦᠭᠡᠢ ᠪᠠᠶᠢᠬᠤ ᠶᠢᠨ ᠬᠠᠤᠯᠢ ᠴᠠᠭᠠᠵᠠ ᠶᠢᠨ ᠦᠷ᠎ᠡ ᠳ᠋ᠦᠩ︶ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠨᠠᠶᠠᠨ | ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ 1. ᠬᠥᠮᠥᠨ ᠬᠡᠷᠡᠭᠯᠡᠬᠦ ᠨᠢᠭᠡᠴᠢ ᠬᠢᠨ ᠠᠵᠢᠯᠴᠢᠨ | ᠬᠡᠷᠡᠭᠯᠡᠭᠰᠡᠨ ᠡᠳᠦᠷ ᠠᠴᠠ ᠡᠬᠢᠯᠡᠨ ᠨᠢᠭᠡ ᠰᠠᠷ᠎ᠠ ᠠᠴᠠ ᠬᠡᠲᠦᠷᠡᠭᠡᠳ ᠪᠦᠬᠦᠯᠢ ᠨᠢᠭᠡ ᠵᠢᠯ ᠪᠣᠯᠣᠭᠠᠳᠤᠢ ᠮᠦᠨᠴᠤ | ᠬᠥᠳᠡᠯᠮᠦᠷᠢᠴᠢᠨ ᠲᠠᠢ ᠦᠰᠤᠭ᠌ ᠪᠢᠴᠢᠭ ᠤᠨ ᠬᠥᠳᠡᠯᠮᠦᠷᠢ ᠶᠢᠨ ᠭᠡᠷ᠎ᠡ ᠲᠤᠭᠳᠠᠭᠰᠠᠨ ᠦᠭᠡᠢ ᠪᠠᠶᠢᠪᠠᠯ᠂ | ᠬᠥᠳᠡᠯᠮᠦᠷᠢᠴᠢᠨ ᠳᠤ ᠰᠠᠷ᠎ᠠ ᠪᠦᠷᠢ ᠬᠤᠶᠠᠷ ᠳᠠᠬᠢᠨ ᠴᠠᠯᠢᠩ ᠥᠭᠬᠦ ᠬᠡᠷᠡᠭᠲᠡᠢ᠃ 2. ᠬᠥᠮᠥᠨ ᠬᠡᠷᠡᠭᠯᠡᠬᠦ ᠨᠢᠭᠡᠴᠢ | ᠬᠢᠨ ᠠᠵᠢᠯᠴᠢᠨ ᠬᠡᠷᠡᠭᠯᠡᠭᠰᠡᠨ ᠡᠳᠦᠷ ᠠᠴᠠ ᠡᠬᠢᠯᠡᠭᠡᠳ ᠪᠦᠬᠦᠯᠢ ᠨᠢᠭᠡ ᠵᠢᠯ ᠪᠣᠯᠤᠭᠰᠠᠨ ᠪᠠᠶᠢᠲᠠᠯ᠎ᠠ ᠮᠦᠨᠴᠤ | ᠬᠥᠳᠡᠯᠮᠦᠷᠢᠴᠢᠨ ᠲᠠᠢ ᠦᠰᠤᠭ᠌ ᠪᠢᠴᠢᠭ ᠤᠨ ᠬᠥᠳᠡᠯᠮᠦᠷᠢ ᠶᠢᠨ ᠭᠡᠷ᠎ᠡ ᠲᠤᠭᠳᠠᠭᠰᠠᠨ ᠦᠭᠡᠢ ᠪᠠᠶᠢᠪᠠᠯ᠂ ᠬᠥᠮᠥᠨ | ᠬᠡᠷᠡᠭᠯᠡᠬᠦ ᠨᠢᠭᠡᠴᠢ ᠪᠣᠯᠣᠨ ᠬᠥᠳᠡᠯᠮᠦᠷᠢᠴᠢᠨ ᠨᠢᠭᠡᠨᠲᠡ ᠲᠣᠭᠲᠠᠮᠠᠯ ᠪᠤᠰᠤ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ | ᠲᠤᠭᠳᠠᠭᠰᠠᠨ ᠢᠶᠠᠷ ᠦᠵᠡᠨ᠎ᠡ᠃ ᠬᠥᠮᠥᠨ ᠬᠡᠷᠡᠭᠯᠡᠬᠦ ᠨᠢᠭᠡᠴᠢ ᠬᠢᠨ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ | ᠬᠥᠳᠡᠯᠮᠦᠷᠢᠴᠢᠨ ᠲᠠᠢ ᠲᠣᠭᠲᠠᠮᠠᠯ ᠪᠤᠰᠤ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠲᠤᠭᠳᠠᠭᠰᠠᠨ ᠦᠭᠡᠢ | ᠪᠠᠶᠢᠪᠠᠯ᠂ ᠲᠣᠭᠲᠠᠮᠠᠯ ᠪᠤᠰᠤ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠲᠤᠭᠳᠠᠪᠠᠯ ᠵᠤᠶᠢᠳᠠᠢ ᠪᠠᠶᠢᠬᠤ ᠡᠳᠦᠷ ᠠᠴᠠ | ᠡᠬᠢᠯᠡᠨ ᠬᠥᠳᠡᠯᠮᠦᠷᠢᠴᠢᠨ ᠳᠤ ᠰᠠᠷ᠎ᠠ ᠪᠦᠷᠢ ᠬᠤᠶᠠᠷ ᠳᠠᠬᠢᠨ ᠴᠠᠯᠢᠩ ᠥᠭᠬᠦ ᠬᠡᠷᠡᠭᠲᠡᠢ᠃ | 16. ᠲᠤᠷᠰᠢᠨ ᠬᠡᠷᠡᠭᠯᠡᠬᠦ ᠬᠤᠭᠤᠴᠠᠭ᠎ᠠ ᠶᠢᠨ ᠲᠤᠬᠠᠢ ᠬᠠᠤᠯᠢ ᠴᠠᠭᠠᠵᠠ ᠳᠤ ᠶᠠᠮᠠᠷ ᠲᠣᠭᠲᠠᠭᠠᠯ ᠪᠠᠶᠢᠬᠤ ᠪᠤᠢ︖ | ᠬᠠᠷᠢᠭᠤᠯᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ | ᠬᠠᠤᠯᠢ︾ ᠶᠢᠨ ᠠᠷᠪᠠ ᠶᠢᠰᠦᠳᠦᠭᠡᠷ ᠵᠦᠢᠯ ᠳᠤ᠂ ᠬᠥᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ ᠶᠢ | ᠵᠢᠷᠭᠤᠭᠠᠨ ᠰᠠᠷ᠎ᠠ ᠶᠢ ᠦᠯᠦ ᠬᠡᠲᠦᠷᠡᠭᠦᠯᠬᠦ ᠪᠠᠷ ᠲᠣᠭᠲᠠᠭᠠᠵᠤ ᠪᠣᠯᠣᠨ᠎ᠠ ᠭᠡᠵᠦ ᠲᠤᠭᠳᠠᠭᠠᠪᠠ᠃ ᠬᠥᠳᠡᠯᠮᠦᠷᠢ ᠶᠢᠨ | ᠭᠡᠷ᠎ᠡ ᠶᠢᠨ ᠬᠤᠭᠤᠴᠠᠭ᠎ᠠ ᠨᠢ ᠭᠤᠷᠪᠠᠨ ᠰᠠᠷ᠎ᠠ ᠠᠴᠠ ᠳᠡᠭᠡᠭᠰᠢ᠂ ᠨᠢᠭᠡ ᠵᠢᠯ ᠬᠦᠷᠬᠦ ᠦᠭᠡᠢ ᠪᠠᠶᠢᠪᠠᠯ᠂ ᠲᠤᠷᠰᠢᠨ | ᠬᠡᠷᠡᠭᠯᠡᠬᠦ ᠬᠤᠭᠤᠴᠠᠭ᠎ᠠ ᠨᠢ ᠨᠢᠭᠡ ᠰᠠᠷ᠎ᠠ ᠶᠢ ᠬᠡᠲᠦᠷᠡᠵᠦ ᠪᠣᠯᠬᠤ ᠦᠭᠡᠢ︔ ᠬᠥᠳᠡᠯᠮᠦᠷᠢ ᠶᠢᠨ ᠭᠡᠷ᠎ᠡ ᠶᠢᠨ | ᠬᠤᠭᠤᠴᠠᠭ᠎ᠠ ᠨᠢ ᠨᠢᠭᠡ ᠵᠢᠯ ᠠᠴᠠ ᠳᠡᠭᠡᠭᠰᠢ᠂ ᠭᠤᠷᠪᠠᠨ ᠵᠢᠯ ᠬᠦᠷᠬᠦ ᠦᠭᠡᠢ ᠪᠠᠶᠢᠪᠠᠯ᠂ ᠲᠤᠷᠰᠢᠨ ᠬᠡᠷᠡᠭᠯᠡᠬᠦ | ᠬᠤᠭᠤᠴᠠᠭ᠎ᠠ ᠨᠢ ᠬᠤᠶᠠᠷ ᠰᠠᠷ᠎ᠠ ᠶᠢ ᠬᠡᠲᠦᠷᠡᠵᠦ ᠪᠣᠯᠬᠤ | ᠦᠭᠡᠢ︔ ᠭᠤᠷᠪᠠᠨ ᠵᠢᠯ ᠠᠴᠠ ᠳᠡᠭᠡᠭᠰᠢ ᠲᠣᠭᠲᠠᠮᠠᠯ ᠬᠤᠭᠤᠴᠠᠭ᠎ᠠ ᠲᠠᠢ ᠪᠤᠶᠤ ᠪᠠ ᠲᠣᠭᠲᠠᠮᠠᠯ ᠪᠤᠰᠤ ᠬᠤᠭᠤᠴᠠᠭ᠎ᠠ | ᠲᠠᠢ ᠬᠥᠳᠡᠯᠮᠦᠷᠢ ᠶᠢᠨ ᠭᠡᠷ᠎ᠡ ᠶᠢᠨ ᠲᠤᠷᠰᠢᠨ ᠬᠡᠷᠡᠭᠯᠡᠬᠦ ᠬᠤᠭᠤᠴᠠᠭ᠎ᠠ ᠶᠢ ᠵᠢᠷᠭᠤᠭᠠᠨ ᠰᠠᠷ᠎ᠠ ᠠᠴᠠ ᠬᠡᠲᠦᠷᠡᠵᠦ ᠪᠣᠯᠬᠤ | ᠦᠭᠡᠢ᠃ ᠠᠳᠠᠯᠢ ᠨᠢᠭᠡᠨ ᠬᠥᠮᠥᠨ ᠬᠡᠷᠡᠭᠯᠡᠬᠦ ᠨᠢᠭᠡᠴᠢ ᠬᠢᠨ ᠠᠵᠢᠯ ᠤᠨ ᠪᠠᠶᠢᠷᠢ ᠨᠢ ᠬᠤᠪᠢᠷᠠᠯᠲᠠ ᠭᠠᠷᠤᠭᠰᠠᠨ ᠦᠭᠡᠢ | ᠪᠠᠶᠢᠳᠠᠯ ᠲᠤᠤᠷ᠎ᠠ ᠠᠳᠠᠯᠢ ᠨᠢᠭᠡᠨ ᠬᠥᠳᠡᠯᠮᠦᠷᠢᠴᠢᠨ ᠢ ᠲᠤᠷᠰᠢᠨ ᠬᠡᠷᠡᠭᠯᠡᠬᠦ ᠬᠤᠭᠤᠴᠠᠭ᠎ᠠ ᠶᠢ ᠨᠢᠭᠡ ᠯᠡ ᠤᠳᠠᠭ᠎ᠠ | ᠲᠤᠭᠳᠠᠨ᠎ᠠ᠃ ᠵᠢᠱᠢᠶᠡᠯᠡᠪᠡᠯ ᠬᠥᠮᠥᠨ ᠬᠡᠷᠡᠭᠯᠡᠬᠦ ᠨᠢᠭᠡᠴᠢ ᠬᠢᠨ ᠬᠥᠳᠡᠯᠮᠦᠷᠢᠴᠢᠨ ᠲᠠᠢ ᠬᠤᠶᠠᠷ ᠤᠳᠠᠭ᠎ᠠ ᠠᠴᠠ ᠳᠡᠭᠡᠭᠰᠢ | ᠲᠤᠷᠰᠢᠨ ᠬᠡᠷᠡᠭᠯᠡᠬᠦ ᠬᠤᠭᠤᠴᠠᠭ᠎ᠠ ᠲᠣᠭᠲᠠᠭᠰᠠᠨ ᠪᠠᠶᠢᠪᠠᠯ᠂ ᠬᠠᠤᠯᠢ ᠶᠢ ᠵᠦᠷᠢᠴᠡᠭᠰᠡᠨ ᠢᠶᠠᠷ ᠦᠵᠡᠨ᠎ᠡ᠃ ᠬᠥᠮᠥᠨ | ᠬᠡᠷᠡᠭᠯᠡᠬᠦ ᠨᠢᠭᠡᠴᠢ ᠪᠡᠯᠡ ᠭᠠᠷᠭᠠᠵᠤ ︵ᠵᠣᠭᠤᠰ ᠮᠦᠩᠬᠦ ᠦᠭᠭᠦᠭᠰᠡᠨ ᠭᠡᠷᠡᠴᠢ ᠪᠠᠷᠢᠮᠲᠠ ᠲᠠᠢ ᠪᠠᠶᠢᠳᠠᠯ ᠢ ᠵᠢᠭᠠᠵᠤ | ᠪᠠᠶᠢᠨ᠎ᠠ︶ ᠠᠵᠢᠯᠲᠠᠨ ᠠᠵᠢᠯᠴᠢᠨ ᠳᠤ ᠪᠠᠨ ᠡᠯ᠎ᠡ ᠲᠦᠷᠦᠯ ᠤᠨ ᠮᠡᠷᠭᠡᠵᠢᠯ ᠤᠨ ᠪᠣᠯᠪᠠᠰᠤᠷᠠᠯ ᠬᠦᠷᠳᠡᠭᠡᠭᠰᠡᠨ ᠪᠠᠶᠢᠳᠠᠯ | ᠲᠤᠤᠷ᠎ᠠ᠂ ᠠᠵᠢᠯᠲᠠᠨ ᠠᠵᠢᠯᠴᠢᠨ ᠨᠢ ᠨᠢᠭᠡᠴᠢ ᠲᠠᠢ ᠪᠠᠨ ᠬᠥᠳᠡᠯᠮᠦᠷᠢ ᠶᠢᠨ ᠬᠠᠷᠢᠴᠠᠭ᠎ᠠ ᠪᠠᠨ ᠬᠦᠴᠤᠨ ᠦᠭᠡᠢ | ᠪᠤᠯᠭᠠᠬᠤ ᠪᠠᠷ ᠳᠤᠷᠠᠳᠤᠭᠰᠠᠨ ᠪᠠᠶᠢᠪᠠᠯ᠂ ᠬᠡᠷᠪᠡ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠨ ᠪᠠᠶᠢᠪᠠᠯ᠂ ᠬᠥᠮᠥᠨ | ᠬᠡᠷᠡᠭᠯᠡᠬᠦ ᠨᠢᠭᠡᠴᠢ ᠬᠢᠨ ᠬᠥᠳᠡᠯᠮᠦᠷᠢᠴᠢᠨ ᠢᠶᠠᠷ ᠲᠤᠰ ᠪᠣᠯᠪᠠᠰᠤᠷᠠᠯ ᠤᠨ ᠵᠠᠷᠤᠳᠠᠯ ᠢ ᠥᠭᠭᠦᠭᠦᠯᠬᠦ ᠪᠠᠷ ᠱᠠᠭᠠᠷᠳᠠᠵᠤ | ᠪᠣᠯᠬᠤ ᠦᠭᠡᠢ᠃ ᠵᠣᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠭᠰᠠᠨ ᠬᠥᠳᠡᠯᠮᠦᠷᠢ ᠶᠢᠨ ᠭᠡᠷ᠎ᠡ | ᠪᠤᠶᠤ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠭᠤᠷᠪᠠᠨ ᠰᠠᠷ᠎ᠠ ᠬᠦᠷᠬᠦ ᠦᠭᠡᠢ ᠪᠠᠶᠢᠳᠠᠯ ᠲᠤᠤᠷ᠎ᠠ᠂ ᠲᠤᠷᠰᠢᠨ | ᠬᠡᠷᠡᠭᠯᠡᠬᠦ ᠬᠤᠭᠤᠴᠠᠭ᠎ᠠ ᠲᠣᠭᠲᠠᠭᠠᠵᠤ ᠪᠣᠯᠬᠤ ᠦᠭᠡᠢ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠥᠳᠡᠯᠮᠦᠷᠢ ᠶᠢᠨ | ᠭᠡᠷ᠎ᠡ ᠶᠢᠨ ᠬᠤᠭᠤᠴᠠᠭᠠᠨ ᠳᠤ | ᠪᠠᠭᠲᠠᠨ᠎ᠠ᠃ ᠬᠥᠳᠡᠯᠮᠦᠷᠢ ᠶᠢᠨ ᠭᠡᠷ᠎ᠡ ᠳᠤ ᠵᠥᠪᠬᠡᠨ ᠲᠤᠷᠰᠢᠨ ᠬᠡᠷᠡᠭᠯᠡᠬᠦ ᠬᠤᠭᠤᠴᠠᠭ᠎ᠠ ᠶᠢ ᠬᠡᠯᠡᠯᠴᠡᠨ ᠲᠣᠭᠲᠠᠭᠠᠭᠰᠠᠨ | ᠪᠠᠶᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠬᠦᠴᠦᠨ ᠦᠭᠡᠢ᠂ ᠲᠤᠰ ᠬᠤᠭᠤᠴᠠᠭ᠎ᠠ ᠨᠢ ᠬᠥᠳᠡᠯᠮᠦᠷᠢ ᠶᠢᠨ | ᠭᠡᠷ᠎ᠡ ᠶᠢᠨ ᠬᠤᠭᠤᠴᠠᠭ᠎ᠠ ᠪᠣᠯᠣᠨ᠎ᠠ᠃ ︵︽ᠬᠥᠳᠡᠯᠮᠦᠷᠢ ᠶᠢᠨ ᠭᠡᠷ᠎ᠡ ᠶᠢᠨ ᠳᠦᠷᠢᠮ ᠢ ᠬᠡᠷᠡᠭᠵᠢᠭᠦᠯᠬᠦ | ᠠᠰᠠᠭᠤᠳᠠᠯ ᠤᠳ ᠤᠨ ᠲᠤᠬᠠᠢ ᠬᠥᠳᠡᠯᠮᠦᠷᠢ ᠶᠢᠨ ᠶᠠᠮᠤᠨ ᠤ ᠮᠡᠳᠡᠭᠳᠡᠯ︾ ᠤᠨ ᠭᠤᠷᠪᠠᠳᠤᠭᠠᠷ ᠵᠦᠢᠯ︶ | 17. ᠬᠥᠮᠥᠨ ᠬᠡᠷᠡᠭᠯᠡᠬᠦ ᠨᠢᠭᠡᠴᠢ ᠨᠢ ᠬᠥᠳᠡᠯᠮᠦᠷᠢᠴᠢᠨ ᠤ ᠨᠡᠶᠢᠭᠡᠮ ᠤᠨ ᠳᠠᠭᠠᠳᠬᠠᠯ ᠢ ᠬᠠᠤᠯᠢ ᠶᠣᠰᠣᠭᠠᠷ | ᠲᠤᠰᠢᠶᠠᠬᠤ ᠦᠭᠡᠢ ᠪᠠᠶᠢᠪᠠᠯ ᠶᠠᠮᠠᠷ ᠬᠠᠤᠯᠢ ᠴᠠᠭᠠᠵᠠ ᠶᠢᠨ ᠦᠷ᠎ᠡ ᠳ᠋ᠦᠩ ᠲᠠᠢ ᠪᠣᠶ︖ | ᠬᠠᠷᠢᠭᠤᠯᠲᠠ᠄ ᠬᠥᠳᠡᠯᠮᠦᠷᠢᠴᠢᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠢ ᠦᠨᠳᠦᠰᠦᠯᠡᠨ ᠬᠥᠳᠡᠯᠮᠦᠷᠢ ᠶᠢᠨ ᠭᠡᠷ᠎ᠡ | ᠪᠠᠨ ᠬᠦᠴᠤᠨ ᠦᠭᠡᠢ ᠪᠤᠯᠭᠠᠵᠦ ᠪᠣᠯᠣᠨ᠎ᠠ᠂ ᠡᠭᠦᠨ ᠤ ᠬᠠᠮᠲᠤ ᠬᠥᠮᠥᠨ ᠬᠡᠷᠡᠭᠯᠡᠬᠦ ᠨᠢᠭᠡᠴᠢ ᠬᠢᠨ ᠠᠵᠤ ᠠᠬᠤᠢ ᠶᠢᠨ | ᠨᠥᠬᠦᠪᠦᠷᠢ ᠮᠥᠩᠭᠦ ᠥᠭᠬᠦ ᠬᠡᠷᠡᠭᠲᠡᠢ᠃ | 18. ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠵᠦᠪᠯᠡᠯ ᠤᠨ ᠬᠡᠷᠡᠭ ᠢ ᠰᠢᠬᠦᠨ ᠲᠠᠰᠤᠯᠬᠤ | ᠬᠤᠭᠤᠴᠠᠭ᠎ᠠ ᠨᠢ ᠬᠡᠳᠦᠢ ᠤᠷᠲᠤ ᠪᠣᠢ︖ | ᠬᠠᠷᠢᠭᠤᠯᠲᠠ᠄ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠵᠦᠪᠯᠡᠯ ᠬᠢᠨ ᠶᠡᠷᠦ ᠳᠡᠭᠡᠨ | ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ ᠡᠳᠦᠷ ᠠᠴᠠ ᠡᠬᠢᠯᠡᠨ 45 ᠡᠳᠦᠷ ᠤᠨ ᠳᠣᠲᠣᠷ᠎ᠠ | ᠰᠢᠭᠦᠵᠦ ᠲᠠᠰᠤᠯᠬᠤ ᠬᠡᠷᠡᠭᠲᠡᠢ᠂ ᠬᠡᠷᠪᠡ ᠬᠡᠷᠡᠭ ᠤᠨ ᠪᠠᠶᠢᠳᠠᠯ ᠨᠢ ᠨᠠᠷᠢᠨ ᠪᠤᠳᠤᠯᠢᠶᠠᠨᠲᠠᠢ ᠵᠡᠷᠭᠡ ᠣᠨᠴᠠᠭᠠᠶ | ᠪᠠᠶᠢᠳᠠᠯ ᠪᠠᠶᠢᠪᠠᠯ᠂ ᠬᠥᠨᠳᠡᠯᠡᠨ ᠠᠴᠠ ᠲᠠᠰᠤᠯᠬᠤ ᠵᠦᠪᠯᠡᠯ ᠤᠨ ᠡᠷᠬᠢᠯᠡᠭᠴᠢ ᠳᠤ ᠪᠠᠨ ᠮᠡᠳᠡᠭᠦᠯᠵᠦ | ᠵᠥᠪᠰᠢᠶᠡᠷᠡᠭᠦᠯᠦᠭᠡᠳ 15 ᠡᠳᠦᠷ ᠬᠤᠶᠢᠰᠢᠯᠠᠭᠤᠯᠵᠤ ᠪᠣᠯᠬᠤ ᠪᠥᠭᠡᠳ ᠲᠤᠬᠠᠢ ᠶᠢᠨ ᠬᠥᠮᠥᠨ ᠳᠤ ᠦᠰᠤᠭ᠌ | ᠪᠢᠴᠢᠭ ᠢᠶᠠᠷ ᠮᠡᠳᠡᠭᠳᠡᠨ᠎ᠡ᠃ ᠭᠡᠪᠡᠴᠦ ᠬᠡᠷᠡᠭ ᠢ ᠰᠢᠬᠦᠨ ᠲᠠᠰᠤᠯᠬᠤ ᠶᠠᠪᠤᠴᠠ ᠳᠤ᠂ ᠲᠤᠬᠠᠢ ᠶᠢᠨ ᠬᠥᠮᠥᠨ ᠨᠢ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢᠶᠠᠨ ᠬᠤᠪᠢᠷᠠᠭᠤᠯᠬᠤ ᠪᠤᠶᠤ ᠨᠡᠮᠡᠬᠦ᠂ ᠨᠠᠶᠢᠳᠠᠵᠤ ᠰᠢᠯᠭᠠᠨ | ᠲᠣᠭᠲᠠᠭᠠᠯᠭᠠᠬᠤ᠂ ᠠᠯᠪᠠᠨ ᠵᠠᠷ ᠢ ᠬᠦᠷᠭᠡᠭᠦᠯᠬᠦ᠂ ᠠᠵᠢᠯ ᠠᠴᠠ ᠪᠣᠯᠤᠭᠰᠠᠨ ᠭᠡᠮᠲᠦᠯ ᠢ ᠲᠠᠬᠢᠨ ᠣᠨᠣᠰᠢᠯᠠᠭᠤᠯᠬᠤ ᠶᠢ | ᠬᠦᠯᠢᠶᠡᠬᠦ᠂ ᠵᠠᠷᠭᠤᠯᠳᠤᠬᠤ᠂ ᠵᠡᠮᠳᠡᠭ ᠢ ᠤᠨᠤᠰᠢᠯᠠᠨ ᠳ᠋ᠦᠩᠨᠡᠯᠲᠡ ᠭᠠᠷᠭᠠᠬᠤ ᠵᠡᠷᠭᠡ ᠪᠤᠰᠤᠳ ᠰᠢᠯᠲᠠᠭᠠᠨ ᠲᠠᠢ | ᠪᠠᠶᠢᠪᠠᠯ᠂ ᠰᠢᠬᠦᠨ ᠲᠠᠰᠤᠯᠬᠤ ᠬᠤᠭᠤᠴᠠᠭ᠎ᠠ ᠶᠢ ᠬᠠᠤᠯᠢ ᠶᠣᠰᠣᠭᠠᠷ ᠠᠰ ᠲᠤᠨᠢ ᠪᠤᠳᠤᠨ᠎ᠠ᠃ | 19. ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠭᠠᠷᠭᠠᠭᠰᠠᠨ ᠲᠠᠰᠤᠯᠤᠯᠳᠠ ᠬᠦᠴᠦᠨ ᠲᠠᠢ ᠪᠣᠯᠤᠭᠰᠠᠨ ᠤ | ᠳᠠᠷᠠᠭᠠᠬᠢ ᠭᠦᠢᠴᠡᠳᠬᠡᠬᠦ ᠠᠰᠠᠭᠤᠳᠠᠯ ᠤᠨ ᠲᠤᠬᠠᠢ ᠶᠠᠮᠠᠷ ᠪᠤᠢ︖ | ᠬᠠᠷᠢᠭᠤᠯᠲᠠ᠄ ᠬᠥᠳᠡᠯᠮᠦᠷᠢ ᠶᠢᠨ ᠮᠠᠷᠭᠤᠯᠳᠤᠭᠠᠨ ᠢ ᠡᠴᠦᠰ ᠤᠨ ᠲᠠᠰᠤᠯᠤᠯᠲᠠ ᠬᠢᠭᠰᠡᠨ ᠪᠤᠯ | ᠲᠠᠰᠤᠯᠤᠯᠳᠠ ᠶᠢᠨ ᠪᠢᠴᠢᠭ ᠭᠠᠷᠭᠠᠭᠰᠠᠨ ᠡᠳᠦᠷ ᠠᠴᠠ ᠡᠬᠢᠯᠡᠨ ᠬᠠᠤᠯᠢ ᠴᠠᠭᠠᠵᠠ ᠶᠢᠨ ᠬᠦᠴᠦᠨ ᠲᠠᠢ ᠪᠣᠯᠣᠨ᠎ᠠ᠂ | ᠲᠤᠬᠠᠢ ᠶᠢᠨ ᠬᠥᠮᠥᠨ ᠨᠢ ᠬᠠᠤᠯᠢ ᠴᠠᠭᠠᠵᠠ ᠶᠢᠨ ᠬᠦᠴᠦᠨ ᠲᠠᠢ ᠪᠣᠯᠤᠭᠰᠠᠨ ᠡᠶᠡᠳᠡᠭᠦᠯᠭᠡ ᠶᠢᠨ ᠪᠢᠴᠢᠭ᠂ | ᠲᠠᠰᠤᠯᠤᠯᠳᠠ ᠶᠢᠨ ᠪᠢᠴᠢᠭ ᠢ ᠲᠣᠭᠲᠠᠭᠰᠠᠨ ᠬᠤᠭᠤᠴᠠᠭᠠᠨ ᠳᠤ ᠭᠦᠢᠴᠡᠳᠬᠡᠬᠦ ᠬᠡᠷᠡᠭᠲᠡᠢ᠃ ᠨᠢᠭᠡ ᠲᠠᠯ᠎ᠠ ᠶᠢᠨ | ᠲᠤᠬᠠᠢ ᠶᠢᠨ ᠬᠥᠮᠥᠨ ᠨᠢ ᠬᠤᠭᠤᠴᠠᠭ᠎ᠠ ᠬᠡᠲᠦᠷᠡᠲᠡᠯ᠎ᠡ ᠭᠦᠢᠴᠡᠳᠬᠡᠬᠦ ᠦᠭᠡᠢ ᠪᠠᠶᠢᠪᠠᠯ᠂ ᠨᠦᠭᠦᠭᠡ ᠲᠠᠯ᠎ᠠ ᠶᠢᠨ | ᠲᠤᠬᠠᠢ ᠶᠢᠨ ᠬᠥᠮᠥᠨ ᠨᠢ ᠢᠷᠭᠡᠨ ᠤ ᠵᠠᠷᠭᠤ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠤᠰᠤᠯᠡᠨ | ᠠᠷᠠᠳ ᠤᠨ ᠰᠢᠭᠦᠬᠦ ᠬᠤᠷᠢᠶᠠᠨ ᠳᠤ ᠡᠷᠭᠦᠳᠡᠯ ᠭᠠᠷᠭᠠᠨ ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠣᠨ᠎ᠠ᠃ | ᠡᠷᠭᠦᠳᠡᠯ ᠢ ᠭᠥᠯᠢᠶᠡᠨ ᠠᠪᠤᠭᠰᠠᠨ ᠠᠷᠠᠳ ᠤᠨ ᠰᠢᠭᠦᠬᠦ ᠬᠤᠷᠢᠶ᠎ᠠ ᠬᠢᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | | ᠵᠠᠷᠤᠳ ᠬᠤᠰᠢᠭᠤᠨ ᠤ ᠬᠦᠳᠡᠯᠮᠤᠷᠢ ᠶᠢᠨ ᠮᠠᠷᠭᠤᠯᠳᠤᠭᠠᠨ ᠢ ᠬᠦᠨᠳᠡᠯᠡᠨ | ᠠᠴᠠ ᠲᠠᠰᠤᠯᠬᠤ ᠵᠦᠪᠯᠡᠯ ᠠᠴᠠ ᠲᠠᠶᠢᠯᠪᠤᠷᠢᠯᠠᠪᠠ | |