| ᠵᠤᠨ ᠤ ᠳᠡᠯᠭᠡᠷ ᠤᠯᠠᠷᠢᠯ ᠳᠤ᠂ ᠵᠠᠷᠤᠳ ᠬᠤᠰᠢᠭᠤᠨ ᠤ ᠭᠡᠷᠴᠢᠯᠠᠭᠤ ᠣᠷᠣᠨ ᠤ ᠣᠶᠢᠷᠠᠯᠴᠠᠭ᠎ᠠ᠂ ᠬᠠᠮᠤᠭ | ᠰᠡᠭᠦᠯᠴᠢ ᠶᠢᠨ ᠨᠢᠭᠡ ᠰᠠᠣᠷᠢ ᠰᠠᠯᠬᠢᠨ ᠴᠠᠬᠢᠯᠭᠠᠨ ᠤ ᠮᠠᠰᠢᠨ ᠤ ᠬᠦᠴᠦᠳᠡᠯ ᠥᠭᠡᠷᠡᠴᠢᠯᠡᠭᠴᠢ ᠶᠢ ᠣᠭᠰᠠᠷᠠᠨ | ᠴᠠᠬᠢᠯᠭᠠᠨ ᠬᠦᠷᠭᠡᠯᠲᠡ ᠶᠢ ᠠᠮᠵᠢᠯᠲᠠ ᠲᠠᠢ ᠪᠡᠶᠡᠯᠡᠭᠦᠯᠬᠦ ᠶᠢ ᠳᠠᠭᠠᠯᠳᠤᠨ᠂ ᠥᠪᠥᠷ ᠮᠣᠩᠭᠤᠯ ᠤᠨ ᠾᠦᠸᠧ ᠮᠧᠢ | ᠬᠤᠩ ᠵᠢᠶᠦ᠋ᠨ ᠤ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ᠶᠢᠨ ᠢᠯᠴᠢᠲᠦ ᠴᠠᠬᠢᠯᠭᠠᠨ ᠢ ᠠᠮᠢᠳᠤᠯᠢᠭ ᠴᠢᠨᠠᠷ ᠤᠨ | ᠥᠭᠡᠷᠡᠴᠢᠯᠡᠯᠲᠡ ᠶᠢ ᠠᠬᠢᠭᠤᠯᠵᠤ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠤᠷᠰᠢᠯᠲᠠ ᠶᠢᠨ ᠴᠡᠭ ᠤᠨ | 300MW ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠵᠢᠩᠬᠢᠨᠢ ᠪᠠᠷ ᠪᠦᠷᠢᠨ ᠪᠠᠭᠲᠠᠭᠠᠮᠵᠢᠲᠠᠢ ᠪᠠᠷ | ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ︔ ᠳᠡᠮᠡᠢ ᠬᠤᠯᠠ ᠦᠭᠡᠢ ᠠᠯᠢ ᠣᠯᠠᠨ ᠰᠠᠯᠬᠢᠨ ᠴᠠᠬᠢᠯᠭᠠᠨ ᠤ | ᠮᠠᠰᠢᠨ ᠨᠢ ᠶᠠᠭ ᠯᠠ ᠨᠢᠭᠡ ᠣᠯᠠᠨ ᠴᠠᠭᠠᠨ ᠥᠨᠳᠥᠷ ᠰᠤᠪᠤᠷᠭ᠎ᠠ ᠮᠡᠲᠦ ᠨᠡᠷᠡᠨ ᠤ ᠭᠡᠷᠡᠯ ᠳᠤ ᠭᠢᠯᠠᠯᠵᠠᠨ ᠭᠡᠷᠡᠯᠲᠦᠵᠦ | ᠪᠠᠶᠢᠯ᠎ᠠ᠃ ᠡᠨᠡ ᠦᠶ᠎ᠡ ᠳᠤ᠂ ᠰᠠᠯᠬᠢᠨ ᠴᠠᠬᠢᠯᠭᠠᠨ ᠤ ᠮᠠᠰᠢᠨ ᠨᠢ ᠨᠡᠷᠡᠨ ᠤ ᠭᠡᠷᠡᠯ ᠤᠨ ᠲᠤᠰᠬᠠᠯ ᠤᠨ ᠳᠣᠣᠷ᠎ᠠ | ᠭᠢᠯᠠᠯᠵᠠᠨ ᠭᠡᠷᠡᠯᠲᠦᠵᠦ ᠪᠠᠶᠢᠯ᠎ᠠ᠃ ᠲᠣᠰ ᠲᠥᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠨᠢ | ᠵᠠᠷᠤᠳ ᠬᠤᠰᠢᠭᠤᠨ ᠤ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡᠨ ᠴᠢᠬᠤᠯᠠ ᠶᠡᠭᠡ | ᠠᠬᠢᠯᠲᠠ ᠲᠠᠢ ᠪᠣᠯᠤᠭᠰᠠᠨ ᠢ ᠬᠠᠷᠠᠭᠤᠯᠵᠤ᠂ ᠡᠨᠧᠷᠭᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ | ᠬᠤᠯᠪᠣᠭᠳᠠᠯ ᠲᠠᠢ ᠶᠤᠮ᠃ | ᠲᠠᠨᠢᠯᠴᠠᠭᠤᠯᠤᠭᠰᠠᠨ ᠢᠶᠠᠷ᠂ ᠲᠣᠰ ᠲᠥᠷᠥᠯ ᠵᠦᠢᠯ ᠳᠤ ᠨᠡᠶᠢᠲᠡ 45 ᠰᠠᠤᠷᠢ ᠲᠠᠩ ᠮᠠᠰᠢᠨ ᠤ ᠪᠠᠭᠲᠠᠭᠠᠮᠵᠢ ᠨᠢ | 6.7 ᠰᠠᠶ᠎ᠠ ᠸᠠᠲ ᠤᠨ ᠬᠤᠣᠰ ᠪᠤᠴᠠᠯᠲᠠ ᠶᠢᠨ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢ ᠤᠭᠰᠠᠷᠠᠵᠤ᠂ ᠣᠲᠣ ᠪᠣᠯᠲᠠᠯᠠᠬᠢ ᠪᠥᠬᠦ ᠣᠷᠣᠨ ᠤ ᠳᠣᠲᠣᠷᠠᠬᠢ ᠠᠩᠬᠠᠳᠠᠭᠴᠢ ᠬᠠᠭᠤᠷᠠᠢ | ᠳᠡᠭᠡᠷᠡᠬᠢ ᠬᠦᠴᠦᠳᠡᠯ ᠥᠭᠡᠷᠡᠴᠢᠯᠡᠭᠴᠢ 6.7 ᠰᠠᠶ᠎ᠠ ᠸᠠᠲ ᠤᠨ ᠬᠤᠣᠰ ᠪᠤᠴᠠᠯᠲᠠ ᠶᠢᠨ ᠬᠡᠯᠪᠡᠷᠢ ᠶᠢᠨ ᠰᠠᠯᠬᠢᠨ | ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠤᠭᠰᠠᠷᠠᠪᠠ᠃ ᠥᠪᠥᠷ ᠮᠣᠩᠭᠤᠯ ᠤᠨ ᠾᠦᠸᠧ ᠮᠧᠶ | ᠬᠤᠩ ᠵᠢᠶᠦ᠋ᠨ ᠤ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ᠶᠢᠨ ᠢᠯᠴᠢᠲᠦ ᠴᠠᠬᠢᠯᠭᠠᠨ ᠢ ᠠᠮᠢᠳᠤᠯᠢᠭ ᠴᠢᠨᠠᠷᠲᠠᠢ | ᠥᠭᠡᠷᠡᠴᠢᠯᠡᠯᠲᠡ ᠬᠢᠬᠦ ᠶᠢ ᠠᠬᠢᠭᠤᠯᠵᠤ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠰᠤᠷᠪᠤᠯᠵᠢ ᠶᠢ ᠰᠢᠩᠭᠡᠬᠡᠨ | ᠠᠪᠬᠤ ᠶᠢ ᠠᠬᠢᠭᠤᠯᠬᠤ ᠲᠤᠷᠰᠢᠯᠲᠠ ᠶᠢᠨ ᠵᠦᠢᠯᠡᠰ 150MW ᠬᠡᠷᠡᠯ ᠸᠣᠯᠲ ᠪᠠ 300MW ᠰᠠᠯᠬᠢᠨ | ᠬᠦᠴᠦᠨ ᠤ ᠴᠠᠬᠢᠯᠭᠠᠨ ᠭᠡᠵᠦ ᠬᠤᠶᠠᠷ ᠬᠡᠰᠡᠭ ᠬᠤᠪᠢᠶᠠᠨ ᠪᠠᠶᠢᠭᠤᠯᠵᠤ᠂ ᠣᠳᠣᠬᠠᠨ ᠳᠤ ᠨᠢᠭᠡᠨᠲᠡ ᠪᠦᠬᠦᠨ ᠢ | ᠲᠣᠣᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠪᠠ᠃ ᠲᠣᠰ ᠲᠥᠷᠥᠯ ᠢ ᠪᠦᠲᠦᠭᠡᠨ ᠪᠠᠶᠢᠭᠤᠯᠤᠯᠲᠠ ᠬᠢᠵᠦ | ᠳᠠᠭᠤᠰᠣᠭᠰᠠᠨ ᠨᠢ ᠲᠣᠰ ᠭᠠᠵᠠᠷ ᠤᠨ ᠢᠯᠴᠢᠲᠦ ᠴᠠᠬᠢᠯᠭᠠᠨ ᠤ ᠬᠡᠷᠡᠭᠯᠡᠬᠦ ᠣᠷᠭᠢᠯ ᠢ ᠲᠣᠬᠢᠷᠠᠭᠤᠯᠬᠤ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠵᠠᠷᠤᠳ ᠬᠤᠰᠢᠭᠤᠨ ᠤ | ᠨᠡᠭᠦᠷᠡᠰᠦᠲᠥ᠋ᠷᠥᠭᠴᠢ ᠪᠠᠭ᠎ᠠ᠂ ᠠᠷᠢᠭᠤᠨ ᠴᠡᠪᠡᠷ᠂ ᠥᠨᠳᠥᠷ ᠬᠠᠷᠢᠴᠠᠯᠳᠤ ᠬᠡᠷᠡᠭᠯᠡᠭᠡᠨ ᠤ ᠰᠢᠩᠭᠡᠭᠡᠬᠦ ᠬᠡᠯᠪᠡᠷᠢ ᠶᠢᠨ | ᠡᠨᠧᠷᠭᠢ ᠶᠢᠨ ᠰᠢᠰᠲ᠋ᠧᠮ ᠢ ᠪᠠᠶᠢᠭᠤᠯᠬᠤ ᠳᠤ ᠯᠤᠲᠤ ᠶᠡᠭᠡ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ ᠢᠩᠭᠢᠭᠡᠳ | ᠬᠤᠣᠯᠢᠩᠭᠤᠣᠯ ᠤᠨ ᠣᠷᠴᠢᠯ ᠠᠵᠤ ᠠᠬᠤᠢ ᠶᠢᠨ ᠪᠣᠬᠢᠷᠲᠤᠯ ᠦᠭᠡᠢ ᠴᠠᠬᠢᠯᠭᠠᠨ ᠤ ᠮᠠᠰᠢᠨ ᠴᠣᠭᠴᠠᠯᠠᠪᠤᠷᠢ ᠵᠠᠭᠤᠨ | ᠲᠦᠮᠡᠨ ᠺᠢᠯᠣᠸᠠᠲ ᠢ ᠠᠮᠵᠢᠯᠲᠠ ᠲᠠᠢ ᠳᠠᠪᠠᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠥᠪᠥᠷ ᠮᠣᠩᠭᠤᠯ ᠤᠨ ᠺᠣᠮᠫᠠᠨᠢ ᠶᠢᠨ ᠠᠩᠬᠠᠳᠠᠭᠴᠢ ᠰᠢᠨ᠎ᠡ ᠡᠨᠧᠷᠭᠢ ᠶᠢᠨ ᠵᠠᠭᠤᠨ ᠲᠦᠮᠡᠨ ᠺᠢᠯᠣᠸᠠᠲ ᠤᠨ ᠰᠠᠭᠤᠷᠢᠨ | ᠭᠠᠵᠠᠷ ᠪᠣᠯᠤᠭᠰᠠᠨ ᠪᠠᠶᠢᠨ᠎ᠠ᠃ | ᠠᠩᠬᠠᠳᠠᠭᠴᠢ ︽ᠨᠡᠭᠦᠷᠡᠰᠦ --- ᠴᠠᠬᠢᠯᠭᠠᠨ---- ᠬᠥᠩᠭᠡᠨ ᠴᠠᠭᠠᠨ︾ ᠤ ᠣᠷᠴᠢᠯ ᠠᠵᠤ ᠠᠬᠤᠢ ᠶᠢᠨ | ᠪᠣᠬᠢᠷᠲᠤᠯ ᠦᠭᠡᠢ ᠠᠵᠤ ᠦᠢᠯᠡᠰ ᠤᠨ ᠪᠦᠯᠦᠭᠯᠡᠯ ᠪᠣᠯᠤᠭᠰᠠᠨ ᠤ ᠬᠤᠪᠢ ᠳᠤ᠂ ᠬᠤᠣᠯᠢᠩᠭᠤᠣᠯ ᠤᠨ ᠣᠷᠴᠢᠯ ᠠᠵᠤ | ᠠᠬᠤᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠭᠠᠵᠠᠷ ᠣᠷᠣᠨ ᠤ ᠡᠯᠪᠡᠭ ᠪᠠᠶᠠᠯᠢᠭ ᠰᠠᠯᠬᠢᠨ ᠤ ᠡᠨᠧᠷᠭᠢ᠂ | ᠨᠡᠷᠡᠨ ᠤ ᠡᠨᠧᠷᠭᠢ ᠪᠠ ᠴᠢᠨᠠᠷ ᠮᠠᠭᠤᠲᠠᠢ ᠨᠡᠭᠦᠷᠡᠰᠦᠨ ᠤ ᠡᠬᠢ ᠪᠠᠶᠠᠯᠢᠭ ᠲᠤ ᠲᠦᠰᠢᠭᠯᠡᠨ᠂ ︽ᠨᠡᠭᠦᠷᠡᠰᠦ ᠪᠠᠷ | ᠴᠠᠬᠢᠯᠭᠠᠨ ᠭᠠᠷᠭᠠᠬᠤ᠂ ᠴᠠᠬᠢᠯᠭᠠᠨ ᠢᠶᠠᠷ ᠬᠥᠩᠭᠡᠨ ᠴᠠᠭᠠᠨ ᠢ ᠪᠣᠯᠪᠠᠰᠤᠷᠠᠭᠤᠯᠬᠤ᠂ ᠬᠥᠩᠭᠡᠨ ᠴᠠᠭᠠᠨ ᠢᠶᠠᠷ | ᠴᠠᠬᠢᠯᠭᠠᠨ ᠢ ᠳᠠᠶᠢᠴᠢᠯᠠᠬᠤ᠂ ᠴᠠᠬᠢᠯᠭᠠᠨ ᠢᠶᠠᠷ ᠨᠡᠭᠦᠷᠡᠰᠦ ᠶᠢ ᠠᠬᠢᠭᠤᠯᠬᠤ︾ ᠰᠢᠨ᠎ᠡ ᠰᠡᠳᠬᠢᠮᠵᠢ ᠪᠠᠷ ᠳᠠᠮᠵᠢᠨ᠂ | ᠰᠢᠨ᠎ᠡ ᠡᠨᠧᠷᠭᠢ ᠶᠢ ᠪᠥᠬᠦ ᠲᠤᠭ᠎ᠠ ᠪᠠᠷ ᠰᠢᠩᠭᠡᠭᠡᠬᠦ᠂ ᠢᠯᠴᠢ ᠶᠢᠨ ᠴᠠᠬᠢᠯᠭᠠᠨ ᠢᠶᠠᠷ ᠭᠤᠣᠯᠯᠠᠭᠤᠯᠤᠨ ᠴᠠᠬᠢᠯᠭᠠᠨ | ᠬᠡᠷᠡᠭᠯᠡᠬᠦ ᠣᠷᠭᠢᠯ ᠢ ᠲᠣᠬᠢᠷᠠᠭᠤᠯᠬᠤ᠂ ᠬᠥᠩᠭᠡᠨ ᠴᠠᠭᠠᠨ ᠤ ᠳᠠᠭᠠᠭᠠᠴᠠ ᠶᠢ ᠡᠶᠡᠳᠡᠭᠦᠯᠬᠦ ᠳᠤ ᠣᠷᠣᠯᠴᠠᠭᠰᠠᠨ ᠰᠢᠨ᠎ᠡ | ᠬᠡᠯᠪᠡᠷᠢ ᠶᠢᠨ ᠣᠳᠣᠬᠢᠴᠢᠯᠠᠭᠰᠠᠨ ᠣᠶᠤᠨᠲᠤ ᠴᠠᠬᠢᠯᠭᠠᠨ ᠲᠣᠣᠷ ᠢ ᠪᠠᠶᠢᠭᠤᠯᠵᠤ᠂ ︽ᠨᠡᠭᠦᠷᠡᠰᠦ ᠴᠠᠬᠢᠯᠭᠠᠨ ᠬᠥᠩᠭᠡᠨ | ᠴᠠᠭᠠᠨ︾ ᠢ ︽ ᠪᠣᠬᠢᠷᠳᠣᠯ ᠦᠭᠡᠢ ᠴᠠᠬᠢᠯᠭᠠᠨ ᠬᠥᠩᠭᠡᠨ ᠴᠠᠭᠠᠨ︾ ᠳᠠᠰᠢ ᠬᠤᠪᠢᠷᠠᠭᠤᠯᠬᠤ ᠶᠢ ᠪᠡᠶᠡᠯᠡᠭᠦᠯᠪᠡ᠃ | ᠣᠳᠣᠬᠠᠨ ᠳᠤ᠂ ᠬᠤᠣᠯᠢᠩᠭᠤᠣᠯ ᠤᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠵᠠᠷᠤᠳ | ᠬᠤᠰᠢᠭᠤᠨ ᠤ ᠬᠢᠯᠢ ᠳᠣᠲᠣᠷᠠᠬᠢ ᠪᠣᠬᠢᠷᠲᠤᠯ ᠦᠭᠡᠢ ᠴᠠᠬᠢᠯᠭᠠᠨ ᠤ ᠮᠠᠰᠢᠨ ᠴᠣᠭᠴᠠᠯᠠᠪᠤᠷᠢ ᠨᠢᠭᠡᠨᠲᠡ 105 ᠲᠦᠮᠡᠨ | ᠺᠢᠯᠣᠸᠠᠲ ᠬᠦᠷᠴᠦ᠂ ᠵᠢᠯ ᠪᠦᠷᠢ ᠴᠡᠪᠡᠷ ᠡᠨᠧᠷᠭᠢ 35 ᠳ᠋ᠦᠩᠰᠢᠭᠤᠷ ᠺᠢᠯᠣᠸᠠᠲ ᠴᠠᠭ ᠬᠦᠷᠭᠡᠵᠦ᠂ ᠪᠠᠷᠢᠮᠵᠢᠶᠠᠲᠤ | ᠨᠡᠭᠦᠷᠡᠰᠦ ᠶᠢ ᠪᠠᠷᠤᠭ 100 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠷᠤᠭ 290 ᠲᠦᠮᠡᠨ ᠲᠣᠨ ᠪᠠᠭᠠᠰᠬᠠᠪᠠ᠃ | ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠬᠢᠨ ︽ᠲᠡᠷᠢᠭᠦᠨ ᠤ ᠠᠵᠤ ᠦᠢᠯᠡᠰ + ᠰᠢᠨ᠎ᠡ ᠡᠨᠧᠷᠭᠢ + | ᠡᠨᠧᠷᠭᠢ ᠬᠠᠳᠠᠭᠠᠯᠠᠬᠤ︾ ᠬᠥᠭᠵᠢᠯᠲᠡ ᠶᠢᠨ ᠰᠡᠳᠬᠢᠴᠡ ᠪᠠᠷ ︽ᠲᠠᠪᠤᠨ ᠶᠡᠭᠡ ᠡᠭᠦᠷᠭᠡ︾ ᠪᠠᠷ ᠠᠵᠠ ᠲᠣᠬᠢᠶᠠᠯ | ᠪᠣᠯᠭᠠᠨ᠂ ᠰᠢᠨ᠎ᠡ ᠬᠡᠯᠪᠡᠷᠢ ᠶᠢᠨ ᠡᠨᠧᠷᠭᠢ ᠶᠢᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠡᠨᠧᠷᠭᠢ | ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠡᠨᠧᠷᠭᠢ ᠶᠢᠨ ᠪᠦᠲᠦᠴᠡ ᠶᠢᠨ | ᠲᠣᠬᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨ᠎ᠡ ᠡᠨᠧᠷᠭᠢ ᠶᠢᠨ ᠬᠦᠷᠢᠶᠡᠨ ᠴᠠᠷ᠎ᠠ ᠳᠠᠬᠢ ᠴᠢᠬᠤᠯᠠ ᠶᠡᠭᠡ | ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ | ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠡᠦᠬᠡᠲᠦ ᠴᠢᠨᠠᠷᠲᠠᠢ ᠬᠤᠪᠢᠷᠠᠯᠲᠠ ᠳᠠᠰᠢ | ᠲᠦᠷᠭᠡᠨ ᠣᠷᠣᠭᠰᠢᠯᠠᠵᠤ ᠪᠤᠢ᠃ 2023 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 256 ᠲᠦᠮᠡᠨ ᠺᠢᠯᠣᠸᠠᠲ ᠬᠦᠷᠴᠦ᠂ ᠰᠢᠨ᠎ᠡ ᠡᠨᠧᠷᠭᠢ ᠶᠢᠨ | ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ 78.5% ᠬᠦᠷᠬᠦ ᠪᠣᠯᠣᠨ᠎ᠠ᠃ | ᠠᠤᠭ᠎ᠠ ᠵᠢᠷᠤᠭ ᠲᠦᠯᠦᠪᠯᠡᠭᠡ ᠪᠠᠷ ᠳᠠᠷᠪᠠᠭᠤᠯ ᠢᠶᠠᠨ ᠪᠣᠰᠬᠠᠨ᠂ ᠬᠡᠬᠦᠳᠡᠭ ᠳᠦᠭᠦᠷᠡᠩ ᠠᠤᠭ᠎ᠠ ᠰᠡᠳᠬᠢᠯᠭᠡ ᠪᠠᠷ | ᠢᠷᠡᠭᠡᠳᠦᠢ ᠵᠦᠭ ᠣᠷᠣᠭᠰᠢᠯᠠᠵᠤ ᠪᠤᠢ᠃ ᠵᠠᠷᠤᠳ ᠬᠤᠰᠢᠭᠤ ᠰᠢᠨ᠎ᠡ ᠡᠨᠧᠷᠭᠢ ᠶᠢᠨ ᠠᠵᠤ ᠦᠢᠯᠡᠰ ᠢᠶᠠᠷ ᠠᠵᠤ | ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠡᠨᠧᠷᠭᠢ ᠶᠢᠨ | ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠨᠠᠩ ᠢᠯᠡᠭᠦᠦ ᠲᠡᠮᠡᠴᠡᠬᠦ ᠡᠷᠴᠢ ᠵᠣᠷᠢᠭ ᠲᠠᠢ ᠳᠦᠷᠢ ᠲᠥᠷᠬᠦ ᠪᠠᠷ | ᠰᠠᠶᠢᠨ ᠰᠠᠶᠢᠬᠠᠨ ᠢᠷᠡᠭᠡᠳᠦᠢ ᠵᠦᠭ ᠢᠶᠠᠨ ︽ ᠪᠣᠬᠢᠷᠳᠣᠯ ᠦᠭᠡᠢ ᠪᠠᠷ ᠣᠷᠣᠭᠰᠢᠯᠠᠵᠤ︾ ᠪᠠᠶᠢᠨ᠎ᠠ᠃ | | | |