| 2023 ᠣᠨ ᠠᠴᠠ ᠨᠠᠰᠢ᠂ ᠵᠠᠷᠤᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠦᠷᠢᠮ ᠢ | ᠪᠦᠷᠢᠨᠰᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠂ ᠣᠯᠠᠨ ᠠᠷᠭ᠎ᠠ ᠬᠡᠮᠵᠢᠶ᠎ᠡ ᠪᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠦᠷᠭᠦᠯᠵᠢᠯᠡᠨ ᠰᠢᠯᠢᠳᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠵᠢᠯ ᠢ ᠡᠷᠡᠭᠦᠯ ᠪᠥᠭᠡᠳ ᠡᠮᠬᠢ ᠵᠢᠷᠤᠮ ᠲᠠᠢ ᠬᠦᠭᠵᠢᠭᠦᠯᠪᠡ᠃ | ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ | ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ | ︽ᠵᠠᠷᠤᠳ ᠬᠤᠰᠢᠭᠤᠨ ᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯᠯᠠᠭᠠᠨ ᠤ ᠲᠥᠰᠥᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠦᠨᠳᠦᠰᠦᠨ ᠵᠦᠢᠯ ᠢ ᠪᠠᠲᠣᠯᠠᠨ ᠵᠠᠭᠠᠯᠳᠤᠬᠤ ᠶᠢ ᠬᠦᠯᠢᠶᠡᠬᠦ ᠠᠵᠢᠯ ᠤᠨ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠬᠤᠰᠢᠭᠤᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠭᠤᠯᠲᠤ ᠪᠠᠷ ᠢᠶᠠᠨ ᠬᠤᠯᠪᠤᠭᠠᠯᠠᠨ ᠨᠡᠪᠲᠡᠷᠡᠯᠴᠡᠵᠦ᠂ | ᠬᠦᠨᠳᠡᠯᠡᠨ ᠪᠠᠷ ᠢᠶᠠᠨ ᠵᠣᠬᠢᠴᠠᠯᠳᠤᠨ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠰᠢᠨ᠎ᠡ | ᠰᠡᠳᠬᠢᠴᠡ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ ᠪᠥᠭᠡᠳ ᠪᠣᠳᠠᠲᠠᠢ ᠪᠠᠷ ᠰᠦᠪᠡᠭᠴᠢᠯᠡᠵᠦ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠂ | ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠳᠠᠭᠠᠭᠠᠴᠢᠯᠠᠯᠲᠠ ᠵᠠᠷᠯᠠᠬᠤ ᠶᠢᠨ | ᠲᠥᠪ ᠭᠤᠥᠯᠴᠢ ᠶᠢ ᠪᠠᠲᠣᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠂ ᠲᠦᠩᠯᠢᠶᠣᠣ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢᠨ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯᠯᠠᠭ᠎ᠠ ᠲᠠᠢ ᠤᠶᠠᠯᠳᠤᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠭᠤᠭᠴᠤᠭ᠎ᠠ ᠳᠤ ᠣᠷᠣᠰᠢᠵᠤ ᠮᠡᠳᠡᠬᠦ ᠲᠦᠭᠰᠢᠭᠦᠷᠢ ᠶᠢᠨ ᠴᠡᠭ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ | ᠦᠷᠨᠢᠭᠦᠯᠪᠡ᠃ ᠲᠥᠷᠥᠯ ᠵᠦᠢᠯ ᠤᠨ ᠬᠠᠷᠠᠯᠲᠠ ᠶᠢᠨ ᠬᠤᠶᠢᠨᠠᠬᠢ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠳᠠᠭᠠᠭᠠᠴᠢᠯᠠᠯᠲᠠ | ᠵᠠᠷᠯᠠᠭᠰᠠᠨ ᠤ ᠳᠠᠷᠠᠭ᠎ᠠ ᠭᠡᠷ᠎ᠡ ᠶᠢ ᠭᠦᠢᠴᠡᠳᠬᠡᠬᠦ︾ ︽ᠬᠤᠶᠠᠷ ᠲᠠᠰᠢᠷᠠᠮ ᠢᠶᠠᠷ ᠰᠣᠩᠭᠤᠬᠤ ᠨᠢᠭᠡ ᠶᠢ ᠢᠯᠡ ᠪᠣᠯᠭᠠᠬᠤ | ︾ ᠪᠠᠶᠢᠴᠠᠭᠠᠯᠲᠠ ᠶᠢ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ | ᠠᠵᠢᠯᠯᠠᠭ᠎ᠠ ᠶᠢ ᠤᠯᠠᠮ ᠨᠢᠭᠡ ᠠᠯᠬᠤᠮ ᠴᠡᠪᠡᠷᠰᠢᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠪᠣᠶ ᠪᠣᠯᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ ᠤᠨ ᠡᠷᠬᠡ | ᠲᠡᠭᠰᠢ᠂ ᠢᠯᠡ ᠲᠣᠳᠣ᠂ ᠲᠥᠪ ᠭᠤᠥᠯᠴᠢ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠣᠯᠠᠪᠠ᠃ | ᠤᠬᠠᠭᠤᠯᠤᠨ ᠬᠥᠲᠥᠯᠥᠨ ᠵᠢᠯᠤᠭᠤᠳᠬᠤ ᠳᠡᠭᠡᠷ᠎ᠡ ᠬᠦᠴᠦ ᠲᠠᠯᠪᠢᠵᠤ᠂ ᠬᠠᠮᠲᠤᠪᠠᠷ ᠵᠠᠰᠠᠬᠤ ᠠᠭᠤᠷ ᠠᠮᠢᠰᠬᠤᠯ ᠢ | ᠬᠦᠴᠦᠯᠡᠨ ᠪᠣᠶ ᠪᠣᠯᠭᠠᠪᠠ | ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠤᠬᠠᠭᠤᠯᠭ᠎ᠠ ᠬᠢᠵᠦ᠂ ᠵᠠᠷᠤᠳ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠣᠯᠠᠨ ᠨᠡᠶᠢᠲᠡ ᠶᠢᠨ ᠲᠡᠪᠴᠡᠩ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠣᠯᠠᠨ ᠲᠦᠮᠡᠨ ᠤ | ᠠᠷᠠᠳ ᠲᠤ ᠠᠰᠢᠭ ᠬᠦᠷᠲᠡᠭᠡᠬᠦ ᠲᠥᠷᠥ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠶᠢᠯᠠᠭᠠᠵᠤ ᠮᠡᠳᠡᠬᠦ ᠬᠡᠮᠵᠢᠶ᠎ᠡ ᠶᠢ | ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠭᠤᠷ | ᠠᠮᠢᠰᠬᠤᠯ ᠢ ᠪᠣᠶ ᠪᠣᠯᠭᠠᠵᠤ᠂ ᠠᠵᠤ ᠠᠬᠤᠶᠢᠯᠠᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠬᠦᠷᠢᠶᠡᠨ ᠴᠠᠷ᠎ᠠ ᠳᠠᠬᠢ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃ | ᠡᠭᠦᠨ ᠤ ᠬᠠᠮᠲᠤ ᠵᠠᠭᠠᠯᠳᠤᠬᠤ ᠤᠲᠠᠰᠤ᠂ ᠬᠠᠷᠢᠭᠤᠴᠠᠯᠭᠠᠲᠠᠨ᠂ ᠵᠠᠭᠠᠯᠳᠤᠬᠤ ᠴᠠᠭ ᠬᠢᠵᠠᠭᠠᠷ᠂ ᠴᠢᠬᠤᠯᠠ ᠨᠥᠬᠦᠴᠡᠯ | ᠪᠠ ᠰᠢᠢᠳᠪᠦᠷᠢᠯᠡᠬᠦ ᠶᠠᠪᠤᠴᠠ ᠶᠢ ᠨᠡᠶᠢᠲᠡᠯᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠥᠪ ᠤᠨ ᠰᠦᠯᠵᠢᠶᠡᠨ ᠳᠡᠭᠡᠷ᠎ᠡ ᠵᠠᠷᠤᠳ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠬᠢᠨᠠᠯᠲᠠ ᠲᠠᠯᠪᠢᠵᠤ ᠵᠠᠭᠠᠯᠳᠤᠬᠤ ᠠᠷᠭ᠎ᠠ ᠵᠠᠮ ᠢ ᠢᠯᠡ ᠨᠡᠶᠢᠲᠡᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠨᠠᠩ ᠰᠠᠶᠢᠨ ᠦᠢᠯᠡᠴᠢᠯᠡᠨ᠂ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠵᠥᠪᠯᠡᠯ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ | ᠰᠢᠯᠢᠳᠡᠭ ᠪᠣᠯᠬᠤ ᠪᠠᠷ ᠴᠢᠷᠮᠠᠶᠢᠬᠤ ᠣᠨ︾ ᠤ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠷᠬᠡ ᠲᠡᠭᠰᠢ᠂ ᠲᠥᠪ | ᠭᠤᠥᠯᠴᠢ᠂ ᠢᠯᠡ ᠲᠣᠳᠣ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ᠢ | ᠪᠥᠬᠦ ᠬᠦᠴᠦᠨ ᠢᠶᠠᠷ ᠢᠶᠠᠨ ᠪᠠᠶᠢᠭᠤᠯᠵᠤ᠂ ᠪᠥᠬᠦ ᠬᠤᠰᠢᠭᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠠᠵᠢᠯ ᠤᠨ ᠪᠥᠬᠦ ᠶᠠᠪᠤᠴᠠ ᠶᠢ ᠴᠢᠩᠭ᠎ᠠ | ᠬᠢᠨᠠᠯᠲᠠ ᠬᠠᠮᠢᠶᠠᠷᠤᠯᠲᠠ ᠬᠢᠬᠦ ᠶᠢ ᠪᠡᠶᠡᠯᠡᠭᠦᠯᠵᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ | ᠬᠦᠷᠢᠶ᠎ᠡ ᠴᠠᠷᠠᠭ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠪᠤᠢ᠃ |