| 8 ᠰᠠᠷ᠎ᠠ ᠶᠢᠨ 15 ᠤ ᠡᠳᠦᠷ᠂ ᠪᠡᠭᠡᠵᠢᠩ ᠬᠤᠳᠠ ᠶᠢᠨ ᠲᠠᠷᠢᠶᠠᠯᠠᠩ ᠤᠢ ᠰᠢᠭᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠸᠠᠩ ᠴᠦᠨ ᠴᠧᠩ ᠬᠠᠮᠲᠤ ᠶᠠᠪᠣᠭᠰᠠᠳ ᠲᠠᠢ ᠪᠠᠨ ᠵᠠᠷᠤᠳ | ᠬᠤᠰᠢᠭᠤᠨ ᠳᠤ ᠢᠷᠡᠵᠦ ᠡᠷᠳᠡᠨᠢ ᠰᠢᠰᠢ ᠶᠢᠨ ᠰᠢᠨ᠎ᠡ ᠦᠷ᠎ᠡ ᠶᠢ ᠶᠡᠭᠡ ᠲᠠᠷᠢᠶᠠᠨ ᠳᠤ ᠲᠠᠷᠢᠭᠰᠠᠨ ᠪᠠᠶᠢᠳᠠᠯ ᠢ | ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠲᠠ ᠶᠢᠨ ᠠᠬᠠᠮᠠᠳ ᠰᠢᠨᠵᠢᠯᠡᠭᠡ ᠮᠡᠷᠭᠡᠵᠢᠯ ᠤᠨ | ᠨᠡᠶᠢᠭᠡᠮᠯᠢᠭ ᠤᠨ ᠳᠠᠷᠤᠭ᠎ᠠ ᠭᠤᠸ ᠢᠦᠢ ᠯᠢᠶᠠᠩ ᠵᠢᠴᠢ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | ᠯᠦᠪᠧᠢ ᠪᠠᠯᠭᠠᠰᠤᠨ ᠤ ᠶᠦᠩ ᠰᠢᠩ ᠲᠣᠰᠬᠤᠨ ᠤ ᠡᠷᠳᠡᠨᠢ ᠰᠢᠰᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ | ᠦᠵᠡᠭᠦᠯᠬᠦ ᠬᠦᠷᠢᠶᠡᠯᠡᠩ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠷᠳᠡᠨᠢ ᠰᠢᠰᠢ ᠶᠢᠨ ᠲᠠᠷᠢᠮᠠᠯ ᠤᠨ | ᠲᠦᠷᠦᠯ ᠵᠦᠢᠯ᠂ ᠲᠠᠷᠢᠬᠤ ᠨᠢᠭᠲᠠᠴᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ | ᠣᠶᠢᠯᠠᠭᠠᠵᠤ᠂ ᠲᠠᠷᠢᠮᠠᠯ ᠤᠨ ᠣᠷᠣᠨ ᠪᠣᠯᠣᠨ ᠦᠯᠢᠭᠡᠷ ᠬᠡᠪ ᠤᠨ ᠣᠯᠠᠨ ᠵᠦᠢᠯ ᠤᠨ ᠲᠦᠷᠦᠯ ᠵᠦᠢᠯ ᠢ | ᠬᠠᠷᠢᠴᠠᠭᠤᠯᠬᠤ ᠲᠤᠷᠰᠢᠯᠲᠠ ᠶᠢᠨ ᠣᠷᠣᠨ ᠤ ᠡᠷᠳᠡᠨᠢ ᠰᠢᠰᠢ ᠶᠢᠨ ᠤᠷᠭᠤᠴᠠ ᠶᠢᠨ ᠪᠠᠶᠢᠳᠠᠯ ᠢ ᠠᠬᠤᠢ ᠲᠠᠯᠠᠪᠠᠢ ᠳᠤ | ᠪᠠᠶᠢᠴᠠᠭᠠᠬᠤ ᠶᠢᠨ ᠬᠠᠮᠲᠤ ᠲᠦᠷᠦᠯ ᠵᠦᠢᠯ ᠤᠨ ᠣᠨᠴᠠᠯᠢᠭ ᠲᠤ ᠨᠢᠭᠡᠳ ᠨᠢᠭᠡ ᠪᠠᠷ ᠦᠨᠡᠯᠡᠯᠲᠡ ᠬᠢᠪᠡ᠃ | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠦᠭᠦ ᠬᠤᠰᠢᠭᠤᠨ ᠤ ᠡᠷᠳᠡᠨᠢ ᠰᠢᠰᠢ ᠶᠢᠨ ᠰᠢᠨᠵᠢᠯᠡᠭᠡ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠭᠰᠠᠨ ᠤ | ᠬᠠᠮᠲᠤ ᠵᠢᠭᠠᠪᠣᠷᠢᠯᠠᠭᠰᠠᠨ ᠨᠢ᠂ ᠵᠠᠷᠤᠳ ᠬᠤᠰᠢᠭᠤ ᠰᠢᠨ᠎ᠡ ᠦᠷ᠎ᠡ ᠶᠢᠨ ᠡᠷᠳᠡᠨᠢ ᠰᠢᠰᠢ ᠶᠢᠨ ᠣᠨᠠᠯᠲᠠ ᠶᠢ | ᠨᠡᠮᠡᠭᠳᠡᠭᠦᠯᠬᠦ ᠲᠠᠯ᠎ᠠ ᠪᠠᠷ ᠬᠢ ᠡᠮᠦᠨᠡᠬᠢ ᠬᠤᠭᠤᠴᠠᠭᠠᠨ ᠤ ᠠᠵᠢᠯ ᠢᠶᠠᠨ ᠰᠠᠶᠢᠲᠤᠷ ᠬᠢᠵᠦ᠂ ᠮᠡᠷᠭᠡᠵᠢᠯ ᠨᠢ | ᠱᠠᠭᠠᠷᠳᠠᠯᠭ᠎ᠠ ᠳᠤ ᠬᠦᠷᠴᠦ᠂ ᠬᠤᠶᠢᠰᠢᠳᠠ ᠲᠠᠷᠢᠶᠠᠨ ᠭᠠᠵᠠᠷ ᠤᠨ ᠬᠠᠮᠢᠶᠠᠷᠤᠯᠲᠠ ᠪᠠᠨ ᠦᠷᠭᠦᠯᠵᠢᠯᠡᠨ ᠰᠠᠶᠢᠲᠤᠷ | ᠠᠳᠬᠤᠵᠤ᠂ ᠡᠷᠳᠡᠨᠢ ᠰᠢᠰᠢ ᠶᠢᠨ ᠤᠰᠤ ᠪᠣᠷᠳᠣᠭᠤᠷ ᠤᠨ ᠬᠡᠷᠡᠭᠴᠡᠭᠡᠨ ᠤ ᠵᠢᠮ᠎ᠡ ᠶᠣᠰᠣ ᠳᠤ ᠵᠣᠬᠢᠴᠠᠭᠤᠯᠣᠨ | ᠰᠢᠨᠵᠢᠯᠡᠬᠦ ᠤᠬᠠᠭᠠᠨᠴᠢ ᠪᠠᠷ ᠤᠰᠤᠯᠠᠵᠤ᠂ ᠪᠣᠷᠳᠣᠭᠤᠷ ᠣᠷᠣᠭᠤᠯᠣᠨ᠂ ᠥᠨᠳᠥᠷ ᠤᠨᠠᠯᠲᠠ ᠲᠠᠢ ᠥᠨᠳᠥᠷ ᠦᠷ᠎ᠡ | ᠠᠰᠢᠭ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠪᠡ᠃ | | | | | |