| ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤᠨ ᠤ ᠴᠢᠩ ᠯᠦᠩ ᠭᠧᠦ ᠲᠣᠰᠬᠤᠨ ᠤ ᠬᠢᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ︽ᠨᠠᠮ ᠤᠨ | ᠡᠭᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠬᠡᠷᠡᠭᠯᠡᠵᠦ᠂ | ᠤᠯᠠᠭᠠᠨ ᠨᠠᠷᠠᠰᠤᠨ ᠮᠦᠭᠦ ᠡᠨᠡᠨᠬᠦ ᠬᠤᠪᠣᠷ ᠴᠤᠬᠠᠭ ᠮᠦᠬᠦ ᠶᠢᠨ ᠦᠷ᠎ᠡ ᠶᠢ ᠣᠷᠣᠭᠤᠯᠤᠨ ᠠᠪᠴᠢᠷᠠᠵᠤ᠂ | ᠣᠨᠴᠠᠯᠢᠭᠲᠤ ᠠᠵᠤ ᠦᠢᠯᠡᠰ ᠤᠨ ᠠᠵᠢᠯ ᠢ ᠤᠷᠠᠨ ᠢᠶᠠᠷ ᠬᠢᠵᠦ᠂ ᠪᠢᠴᠢᠬᠠᠨ ᠤᠯᠠᠭᠠᠨ ᠨᠠᠷᠠᠰᠤᠨ ᠮᠦᠭᠦ ᠢᠶᠠᠷ | ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ︽ᠪᠠᠶᠠᠵᠢᠯ ᠤᠨ ᠰᠢᠬᠦᠷ︾ ᠢ ᠳᠡᠯᠭᠡᠪᠡ᠃ | | | ᠣᠳᠣᠬᠠᠨ ᠳᠤ ᠶᠠᠭ ᠰᠠᠶᠢᠬᠠᠨ ᠤᠯᠠᠭᠠᠨ ᠨᠠᠷᠠᠰᠤ ᠮᠦᠭᠦ ᠳᠠᠷᠢᠵᠤ ᠪᠠᠶᠢᠭ᠎ᠠ ᠰᠠᠶᠢᠬᠠᠨ ᠴᠠᠭ ᠪᠣᠯᠬᠤᠷ᠂ ᠴᠢᠩ | ᠯᠦᠩ ᠢᠳᠡᠰᠢᠨ ᠨᠣᠭᠤᠭ᠎ᠠ ᠳᠠᠷᠢᠬᠤ ᠲᠤᠰᠬᠠᠢ ᠬᠤᠷᠰᠢᠶ᠎ᠠ ᠶᠢᠨ ᠬᠦᠯᠡᠮᠵᠢ ᠳᠤ ᠬᠦᠮᠦᠰ ᠶᠠᠭᠠᠷᠠᠯᠲᠠᠢ ᠪᠠᠶᠢᠯ᠎ᠠ᠂ | ᠲᠣᠰᠬᠤᠨ ᠤ ᠠᠷᠠᠳ ᠡᠮᠬᠢ ᠵᠠᠮᠪᠠᠷᠠᠭ᠎ᠠ ᠲᠠᠢ ᠪᠠᠷ ᠰᠢᠷᠣᠢ ᠪᠠᠭᠤᠯᠭᠠᠬᠤ᠂ ᠵᠥᠭᠡᠭᠡᠪᠦᠷᠢᠯᠡᠬᠦ᠂ ᠲᠠᠷᠢᠬᠤ ᠁ | ᠶᠠᠭᠠᠷᠠᠯᠲᠠᠢ ᠪᠠᠶᠢᠨ᠎ᠠ ᠮᠥᠨ ᠴᠦ ᠪᠠᠶᠠᠷ ᠬᠦᠷ ᠲᠠᠢ ᠪᠠᠶᠢᠨ᠎ᠠ᠃ | ᠴᠢᠩ ᠯᠦᠩ ᠭᠧᠦ ᠲᠣᠰᠬᠤᠨ ᠤ ᠨᠠᠮ ᠤᠨ ᠡᠭᠦᠷ ᠤᠨ ᠱᠦᠵᠢ ᠪᠣᠯᠤᠭᠰᠠᠨ ᠦ᠋ ᠹᠧᠩ ᠶᠢᠨ ᠲᠣᠰᠬᠤᠨ ᠤ | ᠬᠠᠮᠲᠤ ᠶᠢᠨ ᠠᠵᠤ ᠠᠬᠤᠢ ᠶᠢ ᠬᠡᠷᠬᠢᠨ ᠬᠥᠭᠵᠢᠭᠦᠯᠦᠨ ᠪᠤᠵᠠᠭᠠᠶᠢᠷᠠᠭᠤᠯᠵᠤ᠂ ᠪᠦᠬᠦ ᠲᠣᠰᠬᠤᠨ ᠤ ᠠᠷᠠᠳ ᠲᠦᠮᠡᠨ ᠢ | ᠳᠠᠭᠠᠭᠤᠯᠤᠨ ᠬᠡᠷᠬᠢᠨ ᠪᠠᠶᠠᠵᠢᠨ ᠴᠢᠨᠡᠭᠡᠯᠢᠭᠵᠢᠬᠦ ᠨᠢ ᠢᠮᠠᠭᠲᠠ ᠦ᠋ ᠹᠧᠩ ᠶᠢᠨ ᠤ ︽ᠰᠡᠳᠬᠢᠯ ᠤᠨ ᠡᠪᠡᠳᠴᠢᠨ︾ | ᠪᠣᠯᠣᠭᠰᠠᠭᠠᠷ ᠢᠷᠡᠵᠠᠢ᠃ 2022 ᠣᠨ ᠳᠤ᠂ ᠲᠡᠷᠡ ᠨᠠᠶᠢᠵᠢ ᠠᠴᠠ ᠪᠠᠨ ᠤᠯᠠᠭᠠᠨ ᠨᠠᠷᠠᠰᠤᠨ ᠮᠦᠭᠦ ᠲᠠᠷᠢᠬᠤ ᠳᠤ | ᠪᠡᠯᠡ ᠣᠷᠣᠭᠤᠯᠤᠯᠲᠠ ᠪᠠᠷ ᠪᠠᠭ᠎ᠠ᠂ ᠦᠶᠡᠯᠡᠯ ᠨᠢ ᠣᠬᠤᠷ᠂ ᠦᠷ᠎ᠡ ᠠᠰᠢᠭ ᠣᠯᠬᠤ ᠨᠢ ᠲᠦᠷᠭᠡᠨ᠂ ᠵᠠᠬ᠎ᠠ | ᠳᠡᠯᠭᠡᠭᠦᠷ ᠤᠨ ᠢᠷᠡᠭᠡᠳᠦᠢ ᠥᠷᠭᠡᠨ ᠠᠭᠤᠳᠠᠮ ᠪᠠᠶᠢᠬᠤ ᠶᠢ ᠣᠯᠵᠤ ᠮᠡᠳᠡᠪᠡ᠃ ᠢᠩᠭᠢᠭᠡᠳ ᠨᠢᠭᠡ ᠵᠢᠯ ᠤᠨ | ᠪᠠᠶᠢᠴᠠᠭᠠᠯᠲᠠ ᠰᠤᠷᠤᠯᠴᠠᠯᠭ᠎ᠠ ᠪᠠᠷ ᠳᠠᠮᠵᠢᠨ᠂ ᠦ᠋ ᠹᠧᠩ ᠶᠢᠨ ᠬᠤᠷᠰᠢᠶ᠎ᠠ ᠶᠢᠨ ᠡᠮᠦᠨᠡᠬᠢ ᠢᠳᠡᠰᠢᠨ ᠨᠣᠭᠤᠭ᠎ᠠ | ᠲᠠᠷᠢᠵᠤ ᠪᠠᠶᠢᠭᠰᠠᠨ ᠵᠢᠷᠭᠤᠭᠠᠨ ᠬᠦᠯᠡᠮᠵᠢ ᠪᠠᠨ ᠤᠯᠠᠭᠠᠨ ᠨᠠᠷᠠᠰᠤᠨ ᠮᠦᠭᠦ ᠲᠠᠷᠢᠬᠤ ᠪᠠᠷ ᠥᠭᠡᠷᠡᠴᠢᠯᠡᠪᠡ᠃ | | | ︽ᠤᠯᠠᠭᠠᠨ ᠨᠠᠷᠠᠰᠤᠨ ᠮᠦᠭᠦ ᠶᠢᠨ ᠴᠢᠨᠠᠷ ᠴᠢᠨᠰᠠᠭ᠎ᠠ ᠶᠢ ᠪᠠᠲᠤᠯᠠᠬᠤ ᠶᠢᠨ ᠲᠥᠯᠥᠭᠡ᠂ ᠪᠢ ᠶᠡᠭᠡ ᠬᠡᠮᠵᠢᠶᠡᠨ ᠤ | ᠢᠰᠬᠡᠭᠰᠡᠨ ᠲᠠᠷᠢᠮᠠᠯ ᠤᠨ ᠡᠰᠢ ᠰᠦᠷᠡᠯ ᠢ ᠬᠤᠳᠠᠯᠳᠤᠨ ᠠᠪᠴᠤ ᠤᠯᠠᠭᠠᠨ ᠨᠠᠷᠠᠰᠤᠨ ᠮᠦᠭᠦ ᠶᠢ ᠪᠣᠶᠢᠵᠢᠭᠤᠯᠪᠠ᠂ | ᠡᠭᠦᠨ ᠤ ᠬᠠᠮᠲᠤ᠂ ᠬᠤᠷᠢᠶᠠᠭᠰᠠᠨ ᠤ ᠳᠠᠷᠠᠭ᠎ᠠ ᠦᠯᠡᠳᠡᠭᠰᠡᠨ ᠮᠥᠭᠦ ᠶᠢᠨ ᠰᠢᠭᠠᠷᠤ ᠶᠢ ᠣᠷᠭᠠᠨᠢᠭ ᠪᠣᠷᠳᠣᠭᠤᠷ | ᠪᠣᠯᠭᠠᠨ ᠬᠡᠷᠡᠭᠯᠡᠵᠦ ᠪᠣᠯᠬᠤ ᠪᠥᠭᠡᠳ ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠴᠤ | ᠳᠡᠭᠡᠭᠰᠢᠯᠡᠭᠦᠯᠵᠦ ᠪᠣᠯᠣᠨ᠎ᠠ᠃︾ ᠭᠡᠵᠦ ᠡᠦ ᠹᠧᠩ ᠶᠢᠨ ᠲᠠᠨᠢᠯᠴᠠᠭᠤᠯᠪᠠ᠃ ᠤᠯᠠᠭᠠᠨ ᠨᠠᠷᠠᠰᠤᠨ ᠮᠦᠭᠦ ᠰᠢᠮ᠎ᠡ | ᠲᠡᠵᠢᠭᠡᠯ ᠡᠯᠪᠡᠭ᠂ ᠮᠢᠬ᠎ᠠ ᠨᠢ ᠨᠠᠷᠢᠨ ᠵᠥᠭᠡᠯᠡᠨ᠂ ᠠᠩᠬᠢᠯᠤᠮ᠎ᠠ ᠰᠠᠶᠢᠬᠠᠨ ᠦᠨᠦᠷ ᠲᠠᠢ ᠪᠠᠷ ᠪᠠᠷᠠᠬᠤ ᠦᠭᠡᠢ᠂ ᠤᠷᠲᠤ | ᠬᠤᠭᠤᠴᠠᠭ᠎ᠠ ᠪᠠᠷ ᠢᠳᠡᠪᠡᠯ ᠪᠠᠰᠠ ᠬᠥᠮᠥᠨ ᠤ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠵᠢᠰᠦ ᠭᠤᠶᠣᠯᠠᠬᠤ | ᠦᠢᠯᠡᠳᠦᠯ ᠲᠠᠢ ᠪᠠᠶᠢᠳᠠᠭ᠃ | ᠤᠯᠠᠭᠠᠨ ᠨᠠᠷᠠᠰᠤᠨ ᠮᠦᠭᠦ ᠳᠠᠷᠢᠬᠤ ᠰᠠᠶᠢᠨ ᠰᠠᠶᠢᠬᠠᠨ ᠢᠷᠡᠭᠡᠳᠦᠢ ᠶᠢ ᠬᠠᠷᠠᠭᠠᠳ ᠦ᠋ ᠹᠧᠩ ᠶᠢᠨ | ᠢᠨᠢᠶᠡᠮᠰᠦᠭᠯᠡᠨ᠂ ︽ᠤᠯᠠᠭᠠᠨ ᠨᠠᠷᠠᠰᠤᠨ ᠮᠦᠭᠦ ᠮᠦ ᠪᠦᠷᠢ ᠶᠢᠨ ᠭᠠᠷᠤᠯᠲᠠ 1 ᠲᠦᠮᠡᠨ ᠵᠢᠩ ᠰᠢᠬᠠᠮ ᠬᠦᠷᠴᠦ᠂ | ᠳᠤᠮᠳᠠᠴᠢ ᠪᠠᠷ ᠵᠢᠩ ᠪᠦᠷᠢ ᠳᠡᠭᠡᠨ 5᠂ 6 ᠲᠥᠭᠦᠷᠢᠭ ᠬᠤᠳᠠᠯᠳᠣᠨ᠎ᠠ᠂ ᠣᠲᠣ ᠶᠠᠭ ᠲᠦᠷᠢᠶᠡᠰᠦᠯᠡᠵᠦ ᠪᠠᠶᠢᠭ᠎ᠠ 8 | ᠬᠦᠯᠡᠮᠵᠢ ᠶᠢᠨ ᠠᠰᠢᠭ ᠣᠷᠣᠯᠭ᠎ᠠ ᠶᠢ ᠪᠤᠳᠤᠪᠠᠯ᠂ ᠡᠨᠡ ᠵᠢᠯ ᠤᠨ ᠬᠤᠷᠰᠢᠶᠠᠨ ᠤ ᠣᠷᠣᠯᠭ᠎ᠠ 20 ᠲᠦᠮᠡᠨ ᠲᠥᠭᠦᠷᠢᠭ | ᠬᠦᠷᠬᠦ ᠪᠣᠯᠣᠨ᠎ᠠ︾ ᠭᠡᠪᠡ᠃ | | | ᠢᠳᠡᠭᠡᠨ ᠤ ᠪᠠᠺᠲ᠋ᠧᠷᠢ ᠶᠢ ᠬᠡᠪᠴᠢᠶᠡᠵᠢᠭᠦᠯᠦᠨ ᠳᠠᠷᠢᠬᠤ ᠨᠢ ᠬᠠᠮᠲᠤ ᠶᠢᠨ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠳᠠᠶᠢᠴᠢᠯᠠᠭᠰᠠᠨ ᠪᠠᠶᠢᠨ᠎ᠠ᠃ ᠬᠦᠯᠡᠮᠵᠢ ᠳᠤ ᠶᠠᠭᠠᠷᠠᠯᠳᠤᠵᠤ ᠪᠠᠶᠢᠭᠰᠠᠨ ᠬᠤᠷᠰᠢᠶᠠᠨ ᠤ ᠭᠡᠰᠢᠭᠦᠨ ᠵᠧᠦ | ᠢᠦᠢ ᠰᠢᠶᠠᠩ᠄ ︽ᠵᠢᠯ ᠤᠨ ᠡᠴᠦᠰ ᠲᠤ ᠠᠰᠢᠭ ᠬᠤᠪᠢᠶᠠᠨ᠎ᠠ᠂ ᠡᠩ ᠤᠨ ᠦᠶ᠎ᠡ ᠳᠤ ᠰᠤᠯᠠ ᠰᠡᠯᠡᠭᠦᠦ ᠴᠠᠭ ᠢᠶᠠᠨ | ᠠᠰᠢᠭᠯᠠᠨ ᠬᠤᠷᠰᠢᠶᠠᠨ ᠳᠤ ᠬᠥᠯᠥᠰᠦᠨ ᠠᠵᠢᠯ ᠬᠢᠵᠦ ᠵᠣᠭᠤᠰ ᠣᠯᠵᠤ᠂ ᠭᠡᠷ ᠤᠨ ᠵᠠᠷᠤᠳᠠᠯ ᠢᠶᠠᠨ ᠨᠥᠬᠦᠪᠦᠷᠢᠯᠡᠵᠦ | ᠪᠠᠶᠢᠨ᠎ᠠ᠂ ᠠᠮᠢᠳᠤᠷᠠᠯ ᠶᠠᠪᠤᠬᠤ ᠳᠤᠳᠤᠮ ᠥᠭᠡᠳᠡᠯᠡᠬᠦ ᠡᠷᠡᠮᠡᠯᠵᠡᠯ ᠲᠠᠢ ᠪᠣᠯᠣᠨ᠎ᠠ︾ ᠭᠡᠵᠦ ᠬᠡᠯᠡᠪᠡ᠃ | ᠤᠯᠠᠭᠠᠨ ᠨᠠᠷᠠᠰᠤᠨ ᠮᠦᠭᠦ ᠲᠠᠷᠢᠬᠤ ᠨᠢ ᠵᠥᠪᠬᠡᠨ ᠵᠠᠷᠤᠳ ᠬᠤᠰᠢᠭᠤᠨ ᠤ ᠣᠨᠴᠠᠯᠢᠭᠲᠤ ᠲᠠᠷᠢᠮᠠᠯ ᠤᠨ | ᠬᠥᠭᠵᠢᠯᠲᠡ ᠶᠢᠨ ᠬᠤᠷᠢᠶᠠᠩᠭᠤᠢ ᠳᠦᠷᠰᠦ ᠲᠡᠳᠦᠢ ᠶᠤᠮ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠬᠦ ᠪᠣᠯ ᠵᠠᠩᠭᠢᠯᠠᠭ᠎ᠠ ᠪᠣᠯᠣᠨ᠎ᠠ᠃ ᠣᠶᠢᠷ᠎ᠠ ᠶᠢᠨ ᠵᠢᠯ ᠠᠴᠠ᠂ ᠵᠠᠷᠤᠳ | ᠬᠤᠰᠢᠭᠤᠨ ᠤ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠪᠠᠷ ᠳᠠᠮᠵᠢᠭᠤᠯᠵᠤ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠴᠢᠩᠭᠠᠳᠬᠠᠵᠤ᠂ ᠡᠯ᠎ᠡ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ | ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠮᠠᠯᠴᠢᠨ ᠲᠠᠷᠢᠶᠠᠴᠢᠳ ᠢ ᠬᠥᠲᠥᠯᠥᠨ ᠳᠠᠭᠠᠭᠤᠯᠵᠤ ᠣᠨᠴᠠᠯᠢᠭᠲᠤ ᠲᠠᠷᠢᠵᠦ ᠲᠡᠵᠢᠭᠡᠬᠦ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠥᠳᠡᠭᠡ | ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠪᠠ᠃ | | | |