ᠰᠢᠶᠠᠩᠱᠠᠨ ᠪᠠᠯᠭᠠᠰᠤᠨ ᠤ ᠬᠢᠨ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠳᠦᠷᠪᠡᠨ ᠤᠯᠠᠷᠢᠯ ᠤᠨ ᠤᠬᠠᠭᠤᠯᠭ᠎ᠠ ᠶᠢᠨ ︽ᠵᠤᠨ ᠤ ᠤᠯᠠᠷᠢᠯ︾  ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/17
        8 ᠰᠠᠷ᠎ᠠ ᠶᠢᠨ 16 ᠤ ᠡᠳᠦᠷ᠂ ᠰᠢᠶᠠᠩᠱᠠᠨ ᠪᠠᠯᠭᠠᠰᠤᠨ ᠤ ᠵᠠᠰᠠᠭ ᠤᠨ ᠣᠷᠳᠣᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠬᠦᠷᠴᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠳᠥᠷᠪᠡᠨ ᠤᠯᠠᠷᠢᠯ ᠤᠨ ᠤᠬᠠᠭᠤᠯᠭ᠎ᠠ ᠶᠢᠨ ︽ᠵᠤᠨ ᠤ ᠤᠯᠠᠷᠢᠯ︾ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠲᠠᠨ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠨᠡᠶᠢᠭᠡᠮ ᠤᠨ ᠴᠢᠬᠤᠯᠠ ᠠᠴᠢ ᠬᠤᠯᠪᠣᠭᠳᠠᠯ᠂ ᠬᠠᠤᠯᠢ ᠪᠤᠰᠤ ᠬᠡᠪᠯᠡᠭᠳᠡᠬᠦᠨ ᠢ ᠬᠡᠷᠬᠢᠨ ᠢᠯᠭᠠᠨ ᠲᠣᠳᠣᠯᠠᠬᠤ᠂ ᠡᠳᠦᠷ ᠲᠤᠲᠤᠮ ᠤᠨ ᠠᠮᠢᠳᠤᠷᠠᠯ ᠳᠤᠮᠳᠠ ᠬᠠᠤᠯᠢ ᠪᠤᠰᠤ ᠬᠡᠪᠯᠡᠭᠳᠡᠬᠦᠨ ᠢ ᠢᠯᠡᠷᠡᠭᠦᠯᠪᠡᠯ ᠬᠡᠷᠬᠢᠨ ᠢᠯᠡᠴᠢᠯᠡᠨ ᠮᠡᠳᠡᠭᠦᠯᠬᠦ ᠵᠡᠷᠭᠡ ᠮᠡᠳᠡᠯᠭᠡ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠪᠡ᠃      
微信图片_20230817104928.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号