| 8 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ | ᠭᠤᠣᠯ ᠳᠤᠭᠤᠶᠢᠯᠠᠩ ᠤᠨ ᠬᠢᠨ ᠰᠤᠷᠤᠯᠴᠠᠬᠤ ᠬᠤᠷᠠᠯ ᠬᠢᠪᠡ᠃ ᠶᠠᠩ ᠽᠢ ᠴᠢᠶᠠᠩ᠂ ᠰᠦᠸᠧ ᠮᠢᠩ ᠢᠦᠢ᠂ ᠭᠦᠸᠧ | ᠶᠠ ᠹᠧᠩ᠂ ᠢᠦᠢ ᠯᠢᠩ ᠬᠤᠸ ᠵᠡᠷᠭᠡ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ | ᠣᠷᠣᠯᠴᠠᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠯᠦᠪᠸᠢ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ᠂ ᠤᠬᠠᠭᠤᠯᠬᠤ ᠭᠡᠰᠢᠭᠦᠨ ᠪᠣᠯᠣᠨ ᠬᠤᠰᠢᠭᠤᠨ ᠤ ᠰᠢᠭᠤᠳ ᠬᠠᠷᠢᠶ᠎ᠠ ᠡᠯ᠎ᠡ | ᠰᠢᠰᠲ᠋ᠧᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ᠂ ᠲᠣᠪᠴᠢᠶᠠᠨ | ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠰᠤᠷᠣᠯᠴᠠᠬᠤ ᠬᠤᠷᠠᠯ ᠢ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠸ | ᠡᠷᠬᠢᠯᠡᠪᠡ᠃ | | | ᠬᠤᠷᠠᠯ ᠳᠡᠭᠡᠷ᠎ᠡ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠤᠹᠥᠰᠰᠤᠷ ᠯᠣᠤ ᠶᠠᠨ ᠯᠢ ᠢ ᠤᠷᠢᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠡᠷᠬᠢᠨ ᠡᠷᠡᠰ ᠪᠠᠲᠤ ᠬᠠᠮᠠᠭᠠᠯᠠᠬᠤ ᠲᠤᠬᠠᠢ ᠭᠦᠨᠵᠡᠭᠡᠢ ᠪᠥᠭᠡᠳ | ᠣᠶᠢᠯᠠᠭᠠᠮᠵᠢᠲᠠᠢ ᠲᠠᠶᠢᠯᠪᠣᠷᠢᠯᠠᠪᠠ᠃ ᠲᠠᠶᠢᠯᠪᠤᠷᠢᠯᠠᠨ ᠵᠢᠭᠠᠭᠰᠠᠨ ᠠᠭᠤᠯᠭ᠎ᠠ ᠨᠢ ᠨᠠᠷᠢᠨ ᠪᠣᠳᠠᠲᠠᠢ᠂ ᠵᠠᠳᠠᠯᠤᠯᠲᠠ | ᠬᠢᠭᠰᠡᠨ ᠨᠢ ᠨᠡᠪᠲᠡᠷᠬᠡᠢ ᠪᠠᠶᠢᠵᠤ᠂ ᠤᠨᠤᠯ ᠢ ᠳᠡᠭᠡᠳᠦ ᠬᠡᠮᠵᠢᠶ᠎ᠡ ᠪᠠᠷ ᠳ᠋ᠦᠩᠨᠡᠭᠰᠡᠨ ᠮᠥᠷᠲᠡᠭᠡᠨ ᠪᠠᠰᠠ | ᠦᠢᠯᠡᠳᠦᠯᠭᠡ ᠶᠢᠨ ᠲᠤᠬᠠᠢ ᠣᠶᠤᠨᠴᠢ ᠰᠡᠳᠬᠢᠬᠦᠢ ᠶᠢ ᠪᠠᠭᠲᠠᠭᠠᠵᠤ᠂ ᠨᠢᠭᠡ ᠤᠳᠠᠭᠠᠨ ᠤ ᠭᠦᠨ ᠭᠦᠨᠵᠡᠭᠡᠢ ᠦᠵᠡᠯ | ᠰᠠᠨᠠᠭᠠᠨ ᠤ ᠴᠢᠳᠠᠪᠤᠷᠢ᠂ ᠠᠵᠢᠯ ᠤᠨ ᠴᠢᠳᠠᠪᠤᠷᠢ ᠶᠢ ᠣᠯᠭᠤᠭᠰᠠᠨ ᠪᠠᠶᠢᠨ᠎ᠠ᠃ | ᠢᠦᠢ ᠯᠢᠩ ᠬᠤᠸ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ | ᠲᠡᠷᠢᠭᠦᠨ ᠤ ᠦᠵᠡᠯ ᠰᠠᠨᠠᠭᠠᠨ ᠤ ᠰᠠᠨᠠᠭᠠᠴᠢᠯᠠᠭᠴᠢ᠂ ᠣᠨᠣᠯ ᠤᠨ ᠰᠢᠨ᠎ᠡ ᠡᠭᠦᠳᠦᠯᠲᠡ ᠶᠢᠨ ᠨᠡᠭᠡᠭᠡᠭᠴᠢ᠂ | ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ᠂ ᠨᠠᠮ ᠤᠨ ᠲᠥᠷᠥ ᠪᠠᠷᠢᠬᠤ ᠶᠢᠨ ᠡᠷᠡᠰ ᠳᠡᠮᠵᠢᠭᠴᠢ ᠪᠣᠯᠬᠤ ᠪᠠᠷ | ᠴᠢᠷᠮᠠᠶᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ | ᠪᠣᠳᠠᠲᠠᠶᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ︽ ᠦᠯᠦ ᠴᠢᠷᠮᠠᠶᠢᠬᠤ ᠰᠡᠳᠬᠢᠯᠭᠡ︾ ᠶᠢ ᠲᠡᠪᠴᠢᠵᠤ᠂ ᠠᠵᠢᠯ | ᠶᠠᠪᠤᠳᠠᠯ ᠬᠢᠬᠦ ᠤᠷᠮ᠎ᠠ ᠵᠣᠷᠢᠭ ᠢᠶᠠᠨ ᠬᠥᠭᠵᠢᠭᠡᠵᠦ᠂ ᠨᠡᠩ ᠥᠨᠳᠥᠷ ᠦᠵᠡᠯ ᠰᠠᠨᠠᠭᠠᠨ ᠤ ᠠᠬᠤᠢ ᠪᠠᠶᠢᠳᠠᠯ ᠢᠶᠠᠷ | ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢᠨ ᠠᠷᠤ ᠳᠠᠬᠢ ᠤᠨᠤᠯ ᠤᠨ ᠯᠣᠭᠢᠭ᠂ ᠳᠦᠷᠢᠮ ᠤᠨ ᠰᠢᠨ᠎ᠡ | ᠡᠭᠦᠳᠦᠯᠲᠡ ᠶᠢ ᠣᠶᠢᠯᠠᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠢᠲᠡᠭᠡᠯ ᠵᠣᠷᠢᠭ ᠪᠣᠯᠣᠨ ᠢᠳᠡ | ᠬᠦᠴᠦᠨ ᠢ ᠨᠡᠮᠡᠭᠳᠡᠭᠦᠯᠵᠦ᠂ ᠣᠳᠣᠬᠢᠴᠢᠯᠠᠭᠰᠠᠨ ᠵᠠᠷᠣᠳ ᠢ ᠪᠦᠲᠦᠭᠡᠨ ᠪᠠᠶᠢᠭᠤᠯᠬᠤ ᠳᠤ ᠦᠵᠡᠯ ᠰᠠᠨᠠᠭᠠᠨ ᠤ | ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | |