ᠵᠠᠷᠤᠳ ᠬᠤᠰᠢᠭᠤ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ︽ᠣᠶᠢᠷ᠎ᠠ ᠬᠠᠪᠢ ᠳᠠᠭᠠᠨ ᠭᠦᠢᠴᠡᠳᠭᠡᠵᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2023/8/17
    2023 ᠣᠨ ᠠᠴᠠ ᠨᠠᠰᠢ᠂ ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠷᠢᠶᠠᠯᠠᠩ ᠬᠤᠳᠠᠯᠳᠤᠭᠠᠨ ᠤ ᠪᠠᠩᠬᠢ ᠲᠠᠢ ᠬᠠᠮᠲᠤᠷᠠᠨ ︽ᠨᠡᠶᠢᠭᠡᠮ ᠤᠨ ᠪᠠᠲᠣᠯᠭ᠎ᠠ ᠪᠠ ᠪᠠᠩᠬᠢ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠲᠣᠣᠷ ᠴᠡᠭ ᠢ ᠢᠳᠡᠪᠬᠢᠲᠡᠢ ᠪᠣᠶ ᠪᠣᠯᠭᠠᠵᠤ᠂ ᠡᠮᠦᠨᠡᠬᠢ ᠬᠤᠭᠤᠴᠠᠭᠠᠨ ᠤ ᠦᠢᠯᠡᠴᠢᠯᠡᠭᠡᠨ ᠤ ᠲᠤᠷᠰᠢᠯᠲᠠ ᠶᠢᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ︽ᠣᠶᠤᠨᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ 15 ᠮᠢᠨᠦ᠋ᠲ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠢ ᠪᠣᠶ ᠪᠣᠯᠭᠠᠪᠠ᠃ ᠣᠳᠣᠬᠠᠨ ᠳᠤ᠂ ᠡᠯ᠎ᠡ ᠪᠠᠩᠬᠢ ᠶᠢᠨ ᠲᠣᠣᠷ ᠴᠡᠭ ᠤᠳ ᠨᠢᠭᠡᠨᠲᠡ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠭᠥᠷᠳᠡᠬᠦ ᠬᠢᠷᠢ ᠬᠡᠮ ᠤᠨ ᠭᠡᠷᠡᠴᠢᠯᠡᠯ ᠠᠪᠬᠤ ᠵᠡᠷᠭᠡ ᠵᠦᠢᠯᠡᠰ ᠢ ᠨᠡᠶᠢᠲᠡ 9000 ᠭᠠᠷᠤᠢ ᠭᠦᠢᠴᠡᠳᠬᠡᠭᠰᠡᠨ ᠪᠠᠶᠢᠨ᠎ᠠ᠃
3fae97774871b7ceb234e1c60fa5e3a.jpg
    ᠥᠷᠭᠡᠨ ᠠᠭᠤᠳᠠᠮ ᠬᠥᠳᠡᠭᠡ ᠲᠣᠰᠬᠤᠨ ᠳᠤ᠂ ᠣᠨᠴᠠᠭᠠᠶᠢᠯᠠᠨ ᠮᠥᠩᠭᠦᠨ ᠭᠦᠢᠯᠭᠡᠭᠡᠨ ᠤ ᠲᠣᠣᠷ ᠴᠡᠭ ᠪᠦᠷᠬᠦᠭᠡᠳᠦᠢ ᠭᠠᠵᠠᠷ ᠣᠷᠣᠨ ᠳᠤ᠂ ᠠᠷᠠᠳ ᠤᠯᠠᠨ ᠳᠤ ᠬᠡᠷᠬᠢᠨ ᠳᠥᠭᠦᠮ ᠳᠥᠲᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠦᠢᠯᠡᠴᠢᠯᠡᠭᠡ ᠶᠢ ᠬᠦᠷᠲᠡᠭᠡᠬᠦ ᠪᠤᠢ︖ ︽ᠭᠠᠷ ᠤᠲᠠᠰᠤ ᠳᠤ ᠬᠤᠯᠪᠣᠬᠤ + ᠰᠦᠯᠵᠢᠶ᠎ᠡ ᠳᠤ ᠨᠡᠪᠲᠡᠷᠡᠭᠦᠯᠬᠦ︾ ᠨᠢ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠪᠡ᠃ ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 19 ᠵᠦᠢᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠡᠷᠬᠡ ᠮᠡᠳᠡᠯ ᠤᠨ ᠬᠡᠪᠴᠢᠶ᠎ᠡ ᠶᠢ ᠰᠤᠮᠤ ᠪᠠᠯᠭᠠᠰᠤ ᠳᠠᠰᠢ ᠢᠳᠡᠪᠬᠢᠲᠡᠢ ᠪᠠᠷ ᠥᠷᠭᠡᠳᠬᠡᠵᠦ᠂ ᠡᠯ᠎ᠡ ᠰᠤᠮᠤ ᠪᠠᠯᠭᠠᠰᠤ ᠶᠢᠨ ᠠᠵᠢᠯᠯᠠᠬᠤ ᠬᠠᠶ᠋ᠢᠭ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠰᠦᠯᠵᠢᠶᠡᠨ ᠤ ᠲᠤᠰᠬᠠᠢ ᠤᠲᠠᠰᠤ ᠤᠭᠰᠠᠷᠠᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡ ᠴᠣᠭᠴᠠᠲᠤ ᠮᠠᠰᠢᠨ ᠢ ᠣᠷᠣᠭᠤᠯᠬᠤ᠂ ᠵᠠᠰᠠᠭ ᠤᠨ ᠶᠠᠪᠤᠳᠠᠯ ᠤᠨ ᠲᠠᠪᠴᠠᠩ ᠤᠨ ᠰᠦᠯᠵᠢᠶ᠎ᠡ ᠶᠢ ᠨᠡᠪᠲᠡᠷᠡᠭᠦᠯᠬᠦ ᠪᠠᠷ ᠳᠠᠮᠵᠢᠨ᠂ ᠣᠯᠠᠨ ᠲᠦᠮᠡᠨ ᠢ ᠣᠶᠢᠷ᠎ᠠ ᠬᠠᠪᠢ ᠳᠠᠭᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠣᠯᠠᠨ ᠲᠦᠮᠡᠨ ᠤ ︽ᠲᠥᠬᠦᠮ ᠲᠥᠳᠡ ᠢᠶᠠᠷ ᠭᠦᠢᠴᠡᠳᠭᠡᠬᠦ︾ ᠬᠡᠷᠡᠭᠴᠡᠭᠡ ᠶᠢ ᠬᠠᠩᠭᠠᠵᠤ᠂ ︽ᠭᠡᠷ ᠤᠨ ᠡᠭᠦᠳᠡᠨ ᠳᠠᠬᠢ︾ ᠦᠢᠯᠡᠴᠢᠯᠡᠭᠡ ᠬᠠᠩᠭᠠᠪᠠ᠃
3c8501209b17935e4d9f96869980d26.jpg
     ︽ᠥᠩᠭᠡᠷᠡᠭᠰᠡᠨ ᠳᠤ ᠪᠢ ᠬᠥᠭᠰᠢᠨ ᠲᠠᠢ ᠪᠠᠨ ᠨᠠᠰᠤᠵᠢᠯ ᠤᠨ ᠠᠰᠠᠷᠠᠮᠵᠢ  ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠳᠠᠭᠠᠨ ᠪᠡᠶ᠎ᠡ  ᠶᠢᠨ ᠦᠨᠡᠮᠯᠡᠯ᠂ ᠡᠷᠦᠬᠡ ᠠᠮᠠ  ᠶᠢᠨ ᠳᠡᠪᠲᠡᠷ᠂ ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠮᠠᠲ᠋ᠧᠷᠢᠶᠠᠯ ᠢᠶᠠᠨ ᠠᠪᠴᠤ ᠨᠡᠶᠢᠭᠡᠮ ᠤᠨ ᠳᠠᠭᠠᠳᠬᠠᠯ ᠤᠨ ᠲᠢᠩᠬᠢᠮ ᠤᠨ ᠴᠣᠩᠬᠤᠨ ᠳᠤ ᠮᠥᠷᠯᠡᠪᠡᠯ ᠰᠠᠶ᠋ᠢ ᠰᠦᠢᠳᠬᠡᠯ ᠲᠤᠰᠢᠶᠠᠵᠤ ᠪᠣᠯᠳᠠᠭ ᠪᠠᠶᠢᠵᠠᠢ᠂ ᠣᠳᠣᠬᠠᠨ ᠳᠤ ᠪᠢ ᠪᠡᠶ᠎ᠡ  ᠶᠢᠨ ᠦᠨᠡᠮᠯᠡᠯ ᠠᠪᠣᠭᠠᠳ ᠣᠶᠢᠷ᠎ᠠ ᠬᠠᠪᠢ  ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ ᠣᠴᠢᠪᠡᠯ ᠤᠳᠠᠯ ᠦᠭᠡᠢ ᠭᠦᠢᠴᠡᠳᠬᠡᠴᠢᠬᠡᠨ᠎ᠡ᠂ ︿ᠣᠶᠢᠷ᠎ᠠ ᠬᠠᠪᠢ ᠳᠠᠭᠠᠨ ᠭᠦᠴᠢᠡᠳᠭᠡᠬᠦ﹀ ᠴᠣᠩᠬᠤᠪᠴᠢ ᠮᠠᠰᠢ ᠳᠥᠭᠦᠮ ᠪᠠᠶᠢᠳᠠᠭ︕︾ ᠵᠠᠷᠤᠳ ᠬᠤᠰᠢᠭᠤᠨ ᠤ ᠰᠢᠶᠠᠩᠱᠠᠨ ᠪᠠᠯᠭᠠᠰᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠢ ᠰᠠᠶ᠋ᠢᠬᠠᠨ ᠭᠦᠢᠴᠡᠳᠬᠡᠭᠰᠡᠨ ᠬᠤᠩ ᠮᠧᠶ ᠬᠡᠯᠡᠪᠡ ᠃ ᠣᠳᠣᠬᠠᠨ ᠳᠤ᠂ ᠵᠠᠷᠤᠳ ᠬᠤᠰᠢᠭᠤᠨ ᠳᠤ᠂ ᠰᠠᠭᠤᠭᠠᠯᠢ ᠠᠷᠠᠳ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠪᠠᠯᠭᠠᠰᠤ ︵ᠰᠤᠮᠤ︶ ᠳᠤ ᠬᠦᠷᠴᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠳᠠᠭᠠᠳᠬᠠᠯ ᠢᠶᠠᠨ ᠵᠣᠭᠰᠤᠭᠠᠬᠤ᠂ ᠠᠵᠢᠯᠲᠠᠨ ᠤ ᠳᠠᠩᠰᠠᠯᠠᠯᠲᠠ ᠶᠢᠨ ᠮᠡᠳᠡᠭᠡ ᠵᠠᠩᠭᠢ ᠶᠢ ᠬᠤᠪᠢᠷᠠᠭᠤᠯᠬᠤ᠂ ᠨᠥᠬᠦᠵᠦ ᠲᠤᠰᠢᠶᠠᠬᠤ᠂ ᠬᠤᠪᠢ ᠬᠥᠮᠥᠨ ᠤ ᠬᠠᠷᠠᠭᠠᠯᠵᠠᠯ ᠢ ᠶᠡᠷᠦᠩᠬᠡᠶᠢᠯᠡᠨ ᠪᠠᠶᠢᠴᠠᠭᠠᠨ ᠯᠠᠪᠯᠠᠬᠤ᠂ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠵᠦ ᠪᠠᠶᠢᠴᠠᠭᠠᠨ ᠯᠠᠪᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃    ︽ᠭᠡᠷ ᠤᠨ ᠡᠭᠦᠳᠡᠨ ᠳᠠᠬᠢ︾ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠪᠦᠲᠦᠭᠡᠨ ᠪᠠᠶᠢᠭᠤᠯᠬᠤ ᠠᠴᠠ ᠭᠠᠳᠠᠨ᠎ᠠ᠂ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠭᠠᠴᠢᠯᠠᠭᠰᠠᠨ ᠦᠷ᠎ᠡ ᠪᠦᠲᠦᠭᠡᠯ ᠢ ᠢᠳᠡᠪᠬᠢᠲᠡᠢ ᠬᠡᠷᠡᠭᠯᠡᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ︽ᠣᠶᠢᠷ᠎ᠠ ᠬᠠᠪᠢ ᠳᠠᠭᠠᠨ ᠭᠦᠴᠢᠡᠳᠭᠡᠬᠦ︾ ᠳᠤ ᠴᠢᠳᠠᠪᠬᠢ ᠣᠯᠭᠤᠪᠠ᠃ ︽ᠥᠩᠭᠡᠷᠡᠭᠰᠡᠨ ᠳᠤ ᠣᠯᠠᠨ ᠨᠡᠶᠢᠲᠡ  ᠶᠢᠨ ᠦᠢᠯᠡᠴᠢᠯᠡᠭᠡᠨ ᠤ ᠤᠴᠢᠷ ᠶᠠᠪᠤᠳᠠᠯ  ᠢ ᠭᠦᠢᠴᠡᠳᠭᠡᠬᠦ ᠪᠠᠷ ᠭᠤᠶᠤᠴᠢᠯᠠᠬᠤ ᠶᠠᠪᠤᠴᠠ  ᠶᠢ ᠲᠤᠰᠬᠠᠢ ᠰᠦᠯᠵᠢᠶ᠎ᠡ ᠳᠡᠭᠡᠷ᠎ᠡ ᠭᠤᠶᠤᠴᠢᠯᠠᠬᠤ ᠴᠢᠬᠤᠯᠠᠲᠠᠢ ᠪᠠᠶᠢᠭᠰᠠᠨ ᠪᠣᠯᠬᠤᠷ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠮᠠᠰᠢ ᠣᠯᠠᠨ ᠳᠥᠭᠦᠮ ᠦᠭᠡᠢ ᠪᠠᠶᠢᠵᠠᠢ᠂ ᠣᠳᠣ ᠪᠢᠳᠡ ᠨᠢᠭᠡᠨᠲᠡ ᠣᠯᠠᠨ ᠰᠦᠯᠵᠢᠶ᠎ᠡ  ᠶᠢ ᠨᠡᠶᠢᠯᠡᠭᠦᠯᠬᠦ ᠠᠵᠢᠯ ᠢ ᠪᠡᠶᠡᠯᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢ ᠪᠤᠴᠠᠭᠠᠬᠤ ᠵᠡᠷᠭᠡ ᠬᠥᠮᠥᠰ ᠤᠨ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠠᠷ ᠤᠲᠠᠰᠤᠨ ᠳᠡᠭᠡᠷ᠎ᠡ ᠪᠠᠨ ᠭᠦᠢᠴᠡᠳᠬᠡᠪᠡᠯ ᠪᠣᠯᠴᠢᠬᠠᠨ᠎ᠠ ᠂ ᠠᠵᠤ ᠠᠬᠤᠶᠢᠯᠠᠯ ᠪᠣᠯᠣᠨ ᠣᠯᠠᠨ ᠲᠦᠮᠡᠨ ︿ᠭᠡᠷ ᠠᠴᠠ ᠪᠠᠨ ᠭᠠᠷᠬᠤ ᠦᠭᠡᠢ﹀ ᠪᠠᠷ ︿ᠭᠤᠶᠤᠴᠢᠯᠠᠬᠤ ᠬᠡᠯᠲᠦᠷᠢᠭᠦᠯᠬᠦ ᠳᠠᠷᠤᠢ ᠡᠳ᠋ᠯᠡᠬᠦ﹀ ᠦᠢᠯᠡᠴᠢᠯᠡᠭᠡ ᠶᠢ ᠪᠡᠶᠡᠯᠡᠭᠦᠯᠵᠦ ᠴᠢᠳᠠᠬᠤ ᠪᠣᠯᠵᠠᠢ᠃︾ ᠭᠡᠵᠦ ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠭᠤᠤ ᠲᠢᠶᠠᠨ ᠲᠠᠨᠢᠯᠴᠠᠭᠤᠯᠪᠠ᠃    ︽ᠲᠣᠭᠠᠴᠢᠯᠠᠭᠰᠠᠨ + ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ︾ ᠶᠢᠨ ᠲᠣᠭᠤᠷᠢᠨ ᠳᠤ᠂ ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠪᠥᠬᠦ ᠶᠠᠪᠤᠴᠠ ᠳᠤ ᠰᠦᠯᠵᠢᠶ᠎ᠡ ᠳᠡᠭᠡᠷ᠎ᠡ ᠭᠦᠢᠴᠡᠳᠭᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠢ ᠬᠡᠷᠡᠭᠵᠢᠭᠦᠯᠦᠨ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠦᠯᠵᠢᠶ᠎ᠡ ᠶᠢᠨ ᠲᠢᠩᠬᠢᠮ᠂ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ APP᠂ ᠠᠯᠠᠭᠠᠨ ᠳᠡᠭᠡᠷᠡᠬᠢ 12333᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠸᠢᠴᠠᠲ ᠤᠨ ᠪᠢᠴᠢᠯ ᠬᠡᠷᠡᠭᠯᠡᠭᠡ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠶᠢᠨ ᠬᠡᠯᠪᠡᠷᠢ ᠪᠠᠷ ᠳᠠᠮᠵᠢᠨ᠂ ᠠᠳᠠᠯᠢ ᠪᠤᠰᠤ ᠠᠷᠭ᠎ᠠ ᠵᠠᠮ ᠢᠶᠠᠷ ᠲᠣᠬᠠᠶᠢᠯᠠᠭᠰᠠᠨ ᠠᠵᠢᠯ ᠤᠨ ᠦᠰᠦᠷᠬᠢᠯᠲᠡ ᠶᠢ ᠪᠡᠶᠡᠯᠡᠭᠦᠯᠪᠡ᠃ ᠣᠳᠣᠬᠠᠨ ᠳᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠶᠢᠨ ᠳᠦᠷᠢᠮ ᠢᠶᠠᠷ ᠳᠡᠮᠵᠢᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ᠂ ᠠᠵᠢᠯ ᠠᠯᠳᠠᠯᠲᠠ ᠶᠢᠨ ᠨᠥᠬᠦᠪᠦᠷᠢ ᠮᠥᠩᠭᠦ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠨᠡᠶᠢᠲᠡ 245.67 ᠲᠦᠮᠡᠨ ᠲᠥᠭᠦᠷᠢᠭ ᠢ ᠭᠥᠯᠢᠶᠡᠨ ᠠᠪᠴᠤ ᠭᠦᠢᠴᠡᠳᠭᠡᠪᠡ᠃    ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠢᠯᠡᠴᠢᠯᠡᠭᠡᠨ ᠤ ᠵᠦᠢᠯᠡᠰ ᠢᠶᠠᠨ ᠲᠠᠰᠤᠷᠠᠯᠲᠠ ᠦᠭᠡᠢ ᠥᠷᠭᠡᠳᠬᠡᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠨ᠎ᠡ ᠪᠠᠷ ᠡᠭᠦᠳᠴᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠨᠠᠩ ᠲᠦᠷᠭᠡᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ  ᠳᠡᠭᠡᠭᠰᠢᠯᠡᠭᠦᠯᠬᠦ ᠪᠠᠷ ᠪᠤᠢ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号