ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠵᠥᠪᠳᠡᠯᠴᠡᠬᠦ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/8/18
     8 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠵᠥᠪᠳᠡᠯᠴᠡᠬᠦ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠢ ᠪᠦᠦ ᠯᠢᠨ ᠬᠤᠷᠠᠯ ᠡᠷᠬᠢᠯᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠲᠠᠮᠢᠷ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ᠂ ᠬᠤᠰᠢᠭᠤᠨ ᠤ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠ ᠵᠠᠷᠢᠮ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠷᠠᠯ ᠳᠤ  ᠤᠷᠤᠯᠴᠠᠪᠠ᠃     
微信图片_20230818112556.jpg
    ᠬᠤᠷᠠᠯ ᠠᠴᠠ ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃     ᠳ᠋ᠠᠢ ᠪᠦᠦ ᠯᠢᠨ ᠴᠢᠬᠤᠯᠠᠴᠢᠯᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠲᠤᠶᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠦᠬᠦᠢ ᠨᠠᠰᠤᠵᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ᠂ ᠰᠢᠨ᠎ᠡ ᠮᠠᠶ᠋ᠢᠭ ᠤᠨ ᠨᠠᠰᠤᠵᠢᠯ ᠤᠨ ᠦᠢᠯᠡᠴᠢᠯᠡᠭᠡᠨ ᠤ ᠵᠠᠭᠪᠤᠷ ᠢ ᠶᠡᠬᠡᠪᠡᠷ ᠳᠡᠯᠭᠡᠷᠡᠭᠦᠯᠦᠨ᠂ ᠨᠡᠶᠢᠭᠡᠮ ᠤᠨ ᠬᠥᠷᠥᠩᠭᠡ ᠶᠢ ᠨᠠᠰᠤᠵᠢᠯ ᠤᠨ ᠦᠢᠯᠡᠴᠢᠯᠡᠭᠡ ᠶᠢᠨ ᠪᠠᠶᠢᠭᠤᠯᠤᠮᠵᠢ ᠳᠤ ᠣᠷᠣᠭᠤᠯᠬᠤ ᠶᠢ ᠵᠣᠷᠢᠭᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠩ ᠣᠯᠠᠨ ᠬᠥᠮᠥᠨ ᠢ ᠨᠠᠰᠤᠵᠢᠯ ᠤᠨ ᠦᠢᠯᠡᠴᠢᠯᠡᠭᠡᠨ ᠳᠤ ᠣᠷᠣᠭᠤᠯᠬᠤ ᠬᠡᠷᠡᠭᠲᠡᠢ᠃ ᠲᠥᠷᠥᠯ ᠵᠦᠢᠯ ᠤᠨ ᠪᠡᠯᠡ ᠮᠥᠩᠭᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠤ ᠳᠡᠮᠵᠢᠯᠭᠡ ᠶᠢ ᠴᠢᠷᠮᠠᠶᠢᠨ ᠣᠯᠵᠤ᠂ ᠰᠤᠯᠠ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠲᠠᠯᠠᠪᠤᠷ ᠢ ᠠᠮᠢᠳᠤᠯᠢᠭ ᠪᠣᠯᠭᠠᠵᠤ᠂ ᠨᠠᠰᠤᠲᠠᠶᠢᠴᠤᠳ ᠲᠤ ᠴᠢᠨᠠᠷ ᠰᠠᠶᠢᠲᠠᠢ ᠦᠢᠯᠡᠴᠢᠯᠡᠭᠡ ᠬᠦᠷᠲᠡᠭᠡᠬᠦ ᠬᠡᠷᠡᠭᠲᠡᠢ ᠭᠡᠪᠡ ᠃     
微信图片_20230818112547.jpg
    ᠳ᠋ᠠᠢ ᠪᠦᠦ ᠯᠢᠨ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠪᠥᠬᠦ ᠬᠤᠰᠢᠭᠤᠨ ᠤ ᠪᠣᠳᠠᠲᠠᠢ ᠪᠠᠶᠢᠳᠠᠯ ᠪᠠ ᠣᠨᠴᠠᠯᠢᠭ ᠲᠤ ᠰᠠᠭᠤᠷᠢᠯᠠᠨ᠂ ᠨᠠᠰᠤᠲᠠᠶᠢᠴᠤᠳ ᠤᠨ ᠣᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠥᠷᠭᠡᠳᠬᠡᠨ᠂ ᠨᠠᠰᠤᠵᠢᠯ ᠤᠨ ᠦᠢᠯᠡᠴᠢᠯᠡᠭᠡᠨ ᠤ ᠠᠵᠢᠯᠲᠠᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠭᠤᠣᠯ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠠᠷᠭ᠎ᠠ ᠬᠡᠯᠪᠡᠷᠢ ᠪᠣᠯᠭᠠᠵᠤ᠂ ︽ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ︾ ᠵᠥᠪᠯᠡᠬᠦ ᠰᠡᠳᠦᠪ ᠤᠨ ᠲᠣᠭᠤᠷᠢᠨ ᠳᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号