ᠥᠨᠳᠥᠷ ᠬᠡᠪ ᠪᠣᠯᠪᠠᠰᠤᠷᠠᠯ ᠲᠠᠢ ᠠᠷᠢᠭᠤᠨ ᠴᠢᠬᠡᠴᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠨᠡᠶᠢᠭᠡᠮ ᠤᠨ | ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠵᠠᠷᠤᠳ ᠬᠤᠰᠢᠭᠤᠨ ᠤ | ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠶᠢ | ᠪᠠᠷᠢᠮᠲᠠᠯᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠭᠴᠢ ᠶᠢᠨ ᠡᠩᠨᠡᠭᠡ ᠶᠢ ᠰᠠᠶᠢᠲᠤᠷ | ᠪᠠᠶᠢᠭᠤᠯᠤᠨ ᠰᠠᠶᠢᠲᠤᠷ ᠬᠡᠷᠡᠭᠯᠡᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ︽ᠡᠮᠦᠨ᠎ᠡ ᠬᠠᠷᠠᠭᠤᠯ︾ ᠤᠨ | ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠡ ᠦᠭᠡᠢ ᠪᠠᠬᠢᠵᠢᠭᠦᠯᠵᠦ ᠪᠠᠶᠢᠨ᠎ᠠ᠃ | | | | | ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ | ᠪᠦᠷᠢᠯᠳᠦᠭᠦᠯᠪᠡ᠃ ᠨᠡᠶᠢᠭᠡᠮ ᠳᠤ ᠬᠠᠨᠳᠤᠭᠤᠯᠤᠨ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠷᠴᠢᠮ ᠶᠣᠰᠣᠭᠠᠷ᠂ | ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠰᠤᠷᠭᠠᠨ ᠬᠥᠮᠦᠵᠢᠯ ᠤᠨ ᠦᠢᠯᠡᠰ ᠲᠤ ᠬᠠᠶᠢᠷ᠎ᠠ ᠲᠠᠢ᠂ ᠰᠤᠷᠭᠠᠨ | ᠬᠥᠮᠦᠵᠢᠯ ᠤᠨ ᠬᠥᠭᠵᠢᠯᠲᠡ ᠶᠢ ᠠᠩᠬᠠᠷᠬᠤ ᠵᠡᠷᠭᠡ ᠦᠨᠳᠦᠰᠦᠨ ᠨᠥᠬᠦᠴᠡᠯ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠶᠤᠴᠢᠯᠠᠨ ᠲᠠᠨᠢᠯᠴᠠᠭᠤᠯᠬᠤ᠂ ᠰᠢᠯᠢᠨ ᠰᠣᠩᠭᠤᠵᠤ ᠬᠢᠨᠠᠨ ᠪᠠᠶᠢᠴᠠᠭᠠᠬᠤ᠂ ᠬᠢᠨᠠᠨ ᠬᠠᠷᠭᠤᠭᠤᠯᠵᠤ ᠮᠠᠭᠠᠳᠯᠠᠨ | ᠲᠣᠭᠲᠠᠭᠠᠬᠤ ᠵᠡᠷᠭᠡ ᠭᠤᠭᠴᠤᠭ᠎ᠠ ᠪᠠᠷ ᠳᠡᠮᠵᠢᠨ᠂ ᠨᠡᠶᠢᠭᠡᠮ ᠤᠨ ᠡᠯ᠎ᠡ ᠡᠲᠡᠭᠡᠳ ᠠᠴᠠ 10 ᠬᠥᠮᠥᠰ ᠢ ᠤᠷᠢᠵᠤ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠭᠴᠢ ᠪᠠᠷ ᠲᠣᠮᠢᠯᠠᠪᠠ᠂ ᠡᠭᠦᠨ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | ᠪᠠᠭᠲᠠᠬᠤ ᠮᠥᠷᠲᠡᠭᠡᠨ ᠪᠠᠰᠠ ᠪᠠᠭᠰᠢ ᠶᠢᠨ ᠮᠣᠷᠠᠯ ᠤᠨ ᠵᠢᠱᠢᠶᠡᠴᠢ᠂ ᠰᠤᠷᠭᠠᠭᠤᠯᠢ ᠶᠢᠨ ᠬᠠᠷᠢᠭᠤᠴᠠᠯᠭᠠᠲᠤ | ᠪᠠᠶᠢᠴᠠᠭᠠᠭᠴᠢ᠂ ᠠᠵᠢᠯ ᠠᠴᠠ ᠪᠠᠨ ᠠᠮᠠᠷᠠᠭᠰᠠᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠠᠵᠢᠯ ᠠᠴᠠ ᠪᠠᠨ | ᠠᠮᠠᠷᠠᠭᠰᠠᠨ ᠺᠠᠳ᠋ᠷ᠂ ᠰᠣᠷᠣᠭᠴᠢ ᠶᠢᠨ ᠭᠡᠷ ᠤᠨ ᠠᠬᠠᠮᠠᠳ ᠵᠡᠷᠭᠡ ᠶᠢ ᠪᠠᠭᠲᠠᠭᠠᠨ᠎ᠠ᠃ | | | | | ᠲᠤᠰᠢᠶᠠᠯ ᠬᠠᠷᠢᠭᠤᠴᠠᠯᠭ᠎ᠠ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ᠤᠨᠤᠴᠠᠳᠠᠢ ᠬᠢᠨᠠᠯᠲᠠ ᠲᠠᠯᠪᠢᠬᠤ ᠶᠢ | ᠲᠤᠪᠤᠶᠢᠯᠭᠠᠪᠠ ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠭᠴᠢ ᠠᠴᠠ ᠣᠯᠠᠨ ᠲᠦᠮᠡᠨ ᠤ | ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠰᠢ ᠶᠢᠨ | ᠲᠥᠯᠥᠪᠦᠷᠢ ᠲᠠᠢ ᠪᠠᠷ ᠬᠢᠴᠢᠶᠡᠯ ᠨᠦᠬᠦᠬᠦ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠤᠶᠤ ᠵᠣᠭᠤᠰ ᠠᠪᠬᠤ | ᠵᠡᠷᠭᠡ ᠲᠠᠯ᠎ᠠ ᠪᠠᠷ ᠭᠤᠣᠯᠳᠠᠭᠤᠯᠤᠨ ᠪᠠᠶᠢᠩᠭᠤ ᠶᠢᠨ ᠬᠢᠨᠠᠯᠲᠠ ᠲᠠᠯᠪᠢᠬᠤ ᠶᠢᠨ ᠬᠠᠮᠲᠤ ᠬᠢᠨᠠᠯᠲᠠ ᠲᠠᠯᠪᠢᠬᠤ ᠲᠤᠮᠳᠠ | ᠢᠯᠡᠷᠡᠭᠦᠯᠦᠭᠰᠡᠨ ᠠᠰᠠᠭᠤᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠵᠤ᠂ ᠬᠢᠨᠠᠯᠲᠠ ᠲᠠᠯᠪᠢᠬᠤ ᠪᠠᠷ | ᠳᠠᠮᠵᠢᠭᠤᠯᠤᠨ ᠡᠯ᠎ᠡ ᠰᠤᠷᠭᠠᠭᠤᠯᠢ ᠶᠢ ᠭᠡᠳᠡᠷᠬᠦ ᠰᠢᠬᠠᠮᠳᠠᠭᠤᠯᠵᠤ ᠪᠠᠶᠢᠭᠠᠳ ᠬᠠᠷᠢᠭᠤᠴᠠᠯᠭ᠎ᠠ ᠶᠢ ᠲᠡᠰ ᠲᠡᠰ ᠢᠶᠠᠷ | ᠪᠣᠳᠠᠲᠠᠶᠢᠵᠢᠭᠤᠯᠵᠤ᠂ ᠥᠷᠭᠡᠨ ᠤᠯᠠᠨ ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ᠪᠢᠰᠢᠷᠡᠨ ᠵᠢᠷᠦᠬᠡᠰᠢᠶᠡᠬᠦ᠂ | ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠲᠥᠪ | ᠴᠢᠬᠡᠴᠢ ᠪᠣᠯᠭᠠᠵᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠣᠷᠴᠢᠨ ᠲᠣᠭᠤᠷᠢᠨ ᠢ ᠦᠷᠭᠦᠯᠵᠢᠯᠡᠨ | ᠴᠡᠪᠡᠷᠰᠢᠭᠦᠯᠪᠡ᠃ | | | | | ᠥᠭᠡᠷᠡᠴᠢᠯᠡᠨ ᠵᠠᠰᠠᠬᠤ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠦᠨᠡᠨ ᠬᠦ ᠪᠠᠲᠤᠯᠠᠪᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠭᠴᠢ ᠶᠢᠨ | ᠢᠯᠡᠷᠡᠭᠦᠯᠦᠭᠰᠡᠨ ᠥᠪᠡᠷᠮᠢᠴᠡ ᠴᠢᠨᠠᠷ ᠤᠨ ᠠᠰᠠᠭᠤᠳᠠᠯ ᠳᠤ᠂ ᠨᠢᠭᠡᠳ ᠨᠢᠭᠡ ᠪᠠᠷ ᠡᠬᠡ ᠲᠠᠩᠰᠠ ᠪᠠᠶᠢᠭᠤᠯᠵᠤ᠂ ᠴᠠᠭ | ᠲᠤᠬᠠᠢ ᠳᠤᠨᠢ ᠲᠦᠷᠭᠡᠨ ᠰᠢᠯᠵᠢᠭᠦᠯᠦᠨ ᠰᠢᠢᠳᠪᠦᠷᠢᠯᠡᠭᠦᠯᠵᠦ᠂ ᠪᠠᠶᠢᠴᠠᠭᠠᠨ ᠲᠣᠳᠣᠯᠠᠭᠰᠠᠨ ᠨᠡᠶᠢᠲᠡᠯᠢᠭ ᠠᠰᠠᠭᠤᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠢᠯᠡᠴᠢᠯᠡᠪᠡ︔ ᠲᠤᠰᠬᠠᠭᠰᠠᠨ ᠨᠡᠶᠢᠲᠡᠯᠢᠭ ᠴᠢᠨᠠᠷᠲᠠᠢ ᠠᠰᠠᠭᠤᠳᠠᠯ ᠳᠤ | ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠰᠠᠶᠢᠲᠤᠷ ᠠᠳᠬᠤᠵᠤ᠂ ᠨᠡᠶᠢᠲᠡᠯᠢᠭ ᠴᠢᠨᠠᠷᠲᠠᠢ ᠠᠰᠠᠭᠤᠳᠠᠯ ᠤᠨ | ᠵᠠᠰᠠᠯᠲᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠳᠦᠷᠢᠮ ᠲᠣᠭᠲᠠᠭᠠᠯ ᠲᠣᠭᠲᠠᠭᠠᠬᠤ ᠶᠢ ᠠᠬᠢᠭᠤᠯᠪᠠ᠃ | ᠡᠭᠦᠨ ᠤ ᠬᠠᠮᠲᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠭᠴᠢ ᠶᠢᠨ ᠰᠤᠳᠤᠯᠤᠨ | ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ | ᠬᠤᠷᠢᠶᠠᠬᠤ ᠶᠢᠨ ᠬᠠᠮᠲᠤ ᠬᠢᠨᠠᠯᠲᠠ ᠲᠠᠯᠪᠢᠭᠴᠢ ᠶᠢᠨ ᠠᠵᠢᠯ ᠤᠨ ᠪᠣᠳᠠᠲᠤ ᠠᠮᠵᠢᠯᠲᠠ ᠶᠢ ᠦᠨᠡᠯᠡᠨ ᠶᠠᠷᠢᠯᠴᠠᠵᠤ᠂ | ᠠᠵᠢᠯ ᠤᠨ ᠢᠳᠡᠪᠬᠢᠵᠢᠯ ᠢ ᠲᠠᠰᠤᠷᠠᠯᠲᠠ ᠦᠭᠡᠢ ᠲᠡᠭᠡᠭᠰᠢᠯᠡᠭᠦᠯᠪᠡ᠃ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠭᠴᠢ ᠶᠢ ᠤᠷᠢᠨ ᠲᠣᠮᠢᠯᠠᠬᠤ ᠪᠣᠯ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ | ᠬᠡᠮᠵᠢᠶ᠎ᠡ ᠮᠥᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠬᠢᠬᠦ ᠲᠤᠯᠭᠠᠭᠤᠷᠢ ᠬᠦᠴᠦᠨ ᠮᠥᠨ᠂ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠬᠢᠨᠠᠯᠲᠠ ᠲᠠᠯᠪᠢᠭᠴᠢ᠂ ᠪᠦᠲᠦᠭᠡᠨ | ᠪᠠᠶᠢᠭᠤᠯᠤᠭᠴᠢ ᠪᠠ ᠠᠬᠢᠭᠤᠯᠤᠭᠴᠢ ᠮᠥᠨ᠃ ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠰᠤᠷᠭᠠᠨ | ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ | ᠲᠠᠯᠪᠢᠬᠤ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ | ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠪᠠ ᠪᠠᠭᠤᠷᠠᠢ ᠭᠤᠭᠴᠤᠭ᠎ᠠ ᠶᠢ ᠬᠦᠴᠦᠯᠡᠨ ᠰᠢᠢᠳᠪᠦᠷᠢᠯᠡᠵᠦ᠂ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠯᠠᠪᠳᠠᠭᠤᠨ ᠢᠶᠠᠷ | ᠠᠬᠢᠭᠤᠯᠬᠤ ᠪᠠᠷ ᠪᠤᠢ᠃ | |