ᠵᠠᠷᠤᠳ ᠬᠤᠰᠢᠭᠤᠨ ᠤ 2022 ᠣᠨ ᠤ ᠤᠯᠤᠰ ᠤᠨ ᠭᠠᠵᠠᠷ ᠰᠢᠷᠦᠢ ᠶᠢᠨ ᠬᠤᠪᠢᠷᠠᠯᠲᠠ ᠶᠢᠨ ᠲᠣᠬᠠᠢ ᠪᠠᠶᠢᠴᠠᠭᠠᠯᠲᠠ ᠬᠢᠭᠰᠡᠨ ᠭᠤᠣᠯ ᠲᠤᠭ᠎ᠠ ᠪᠠᠷᠢᠮᠲᠠ ᠶᠢᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/8/23
    ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠪᠠ ︽2022 ᠣᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠲᠣᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠠᠯᠪᠠᠨ ᠲᠠᠷᠬᠠᠭᠠᠭᠰᠠᠨ ﹇2022﹈ 49 ᠳ᠋ᠤᠭᠡᠷ ᠲᠣᠭᠠᠲᠤ︶ ᠤᠨ ᠱᠠᠭᠠᠷᠳᠠᠯᠭ᠎ᠠ ᠢᠶᠠᠷ᠂ ᠮᠠᠨ ᠤ ᠬᠤᠰᠢᠭᠤ 2022 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠲᠣᠬᠠᠢ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠲᠣᠰ ᠠᠵᠢᠯ ᠢ 2022 ᠣᠨ ᠤ 12 ᠰᠠᠷ᠎ᠠ ᠶᠢᠨ 31 ᠤ ᠡᠳᠦᠷ ᠢᠶᠠᠷ ᠬᠢᠵᠠᠭᠠᠷ ᠴᠠᠭ ᠪᠣᠯᠭᠠᠵᠤ᠂ ᠤᠯᠤᠰ ᠤᠨ ᠨᠢᠭᠡᠳᠦᠯᠲᠡᠢ ᠲᠥᠷᠥᠯ ᠬᠤᠪᠢᠶᠠᠬᠤ ᠪᠠᠷᠢᠮᠵᠢᠶ᠎ᠠ ᠵᠢᠴᠢ ᠮᠡᠷᠭᠡᠵᠢᠯ ᠤᠨ ᠳᠦᠷᠢᠮ ᠲᠣᠭᠲᠠᠭᠠᠯ ᠶᠣᠰᠣᠭᠠᠷ ᠵᠢᠷᠤᠮᠵᠢᠭᠤᠯᠤᠨ ᠥᠷᠨᠢᠭᠦᠯᠵᠦ᠂ ᠪᠥᠬᠦ ᠶᠠᠪᠤᠴᠠ ᠳᠤ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭ᠎ᠠ ᠬᠡᠷᠡᠭᠵᠢᠭᠦᠯᠵᠦ᠂ ᠤᠯᠤᠰ ᠠᠴᠠ ᠬᠠᠮᠤᠭ ᠡᠴᠦᠰ ᠲᠤ ᠬᠠᠷᠭᠤᠭᠤᠯᠤᠨ ᠪᠠᠶᠢᠴᠠᠭᠠᠵᠤ ᠨᠤᠲᠠᠯᠠᠪᠠ᠃ 2023 ᠣᠨ ᠤ 8 ᠰᠠᠷ᠎ᠠ ᠳᠤ ᠤᠯᠤᠰ ᠠᠴᠠ ᠦᠷ᠎ᠡ ᠪᠦᠲᠦᠭᠡᠯ ᠢ ᠪᠠᠭᠤᠯᠭᠠᠭᠰᠠᠨ ᠪᠥᠭᠡᠳ ᠬᠡᠷᠡᠭᠯᠡᠪᠡ᠂ ᠡᠳᠦᠭᠡ ᠪᠥᠬᠦ ᠬᠤᠰᠢᠭᠤᠨ ᠤ 2022 ᠣᠨ ᠤ ᠭᠤᠣᠯ ᠪᠣᠯᠬᠤ ᠭᠠᠵᠠᠷ ᠤᠨ ᠲᠥᠷᠥᠯ ᠤᠨ ᠲᠤᠭ᠎ᠠ ᠪᠠᠷᠢᠮᠲᠠ ᠶᠢ ᠳᠠᠷᠠᠭᠠᠬᠢ ᠮᠡᠲᠦ ᠨᠡᠶᠢᠲᠡᠯᠡᠶ᠎ᠡ᠄   1.ᠲᠠᠷᠢᠶᠠᠨ ᠭᠠᠵᠠᠷ 270796.76 ᠾᠧᠺᠲ᠋ᠠᠷ᠃ ᠡᠭᠦᠨ ᠳᠤ᠄ ᠤᠰᠤᠨ ᠲᠠᠷᠢᠶ᠎ᠠ 58.15 ᠾᠧᠺᠲ᠋ᠠᠷ᠂ ᠤᠰᠤᠯᠠᠯᠲᠠ ᠶᠢᠨ ᠲᠠᠷᠢᠶ᠎ᠠ 168416.75 ᠾᠧᠺᠲ᠋ᠠᠷ᠂ ᠬᠠᠭᠤᠷᠠᠢ ᠲᠠᠷᠢᠶ᠎ᠠ 102321.86 ᠾᠧᠺᠲ᠋ᠠᠷ᠃   2. ᠴᠡᠴᠡᠷᠯᠢᠭ ᠤᠨ ᠭᠠᠵᠠᠷ 680.85 ᠾᠧᠺᠲ᠋ᠠᠷ᠃ ᠡᠭᠦᠨ ᠳᠤ᠄ ᠵᠢᠮᠢᠰ ᠤᠨ ᠬᠦᠷᠢᠶᠡᠯᠡᠩ 310.66 ᠾᠧᠺᠲ᠋ᠠᠷ᠂ ᠪᠤᠰᠤᠳ ᠴᠡᠴᠡᠷᠯᠢᠭ 370.19 ᠾᠧᠺᠲ᠋ᠠᠷ᠃   3.ᠣᠶᠢᠲᠤ ᠭᠠᠵᠠᠷ 455203.59 ᠾᠧᠺᠲ᠋ᠠᠷ ᠃ ᠡᠭᠦᠨ ᠳᠤ᠄ ᠲᠤᠷᠤᠭ ᠮᠣᠳᠣᠨ ᠤ ᠣᠶᠢᠲᠤ ᠭᠠᠵᠠᠷ 188900.92 ᠾᠧᠺᠲ᠋ᠠᠷ᠂ ᠪᠤᠲᠠ ᠮᠣᠳᠣᠨ ᠤ ᠣᠶᠢᠲᠤ ᠭᠠᠵᠠᠷ 234257.62 ᠾᠧᠺᠲ᠋ᠠᠷ᠂ ᠪᠤᠰᠤᠳ ᠣᠶᠢᠲᠤ ᠭᠠᠵᠠᠷ 32045.05 ᠾᠧᠺᠲ᠋ᠠᠷ᠃   4. ᠡᠪᠡᠰᠦᠲᠦ ᠭᠠᠵᠠᠷ 825916.87 ᠾᠧᠺᠲ᠋ᠠᠷ᠃ ᠡᠭᠦᠨ ᠳᠤ᠄ ᠪᠠᠶᠢᠭᠠᠯᠢ ᠶᠢᠨ ᠨᠣᠲᠤᠭ ᠪᠡᠯᠴᠢᠭᠡᠷ 805263.15 ᠾᠧᠺᠲ᠋ᠠᠷ᠂ ᠲᠠᠷᠢᠮᠠᠯ ᠡᠪᠡᠰᠦᠨ ᠭᠠᠵᠠᠷ 3058.67 ᠾᠧᠺᠲ᠋ᠠᠷ᠂ ᠪᠤᠰᠤᠳ ᠨᠣᠲᠤᠭ ᠪᠡᠯᠴᠢᠭᠡᠷ 17595.05 ᠾᠧᠺᠲ᠋ᠠᠷ᠃   5. ᠨᠤᠭᠤ ᠭᠠᠵᠠᠷ 15066.86 ᠾᠧᠺᠲ᠋ᠠᠷ᠃ ᠡᠭᠦᠨ ᠳᠤ᠄ ᠰᠥᠭᠡᠭ ᠲᠠᠢ ᠡᠪᠡᠰᠦᠲᠦ ᠭᠠᠵᠠᠷ 741.67 ᠾᠧᠺᠲ᠋ᠠᠷ᠂ ᠨᠠᠮᠤᠭ ᠡᠪᠡᠰᠦᠲᠦ ᠭᠠᠵᠠᠷ 851.06 ᠾᠧᠺᠲ᠋ᠠᠷ᠂ ᠳᠣᠲᠣᠭᠠᠳᠤ ᠬᠠᠭᠤᠷᠠᠢ ᠶᠢᠨ ᠲᠠᠩ ᠭᠠᠵᠠᠷ 12229.73 ᠾᠧᠺᠲ᠋ᠠᠷ᠂ ᠨᠠᠮᠤᠭ ᠭᠠᠵᠠᠷ 1244.4 ᠾᠧᠺᠲ᠋ᠠᠷ᠃   6. ᠬᠤᠲᠠ ᠪᠠᠯᠭᠠᠰᠤ ᠭᠠᠴᠠᠭ᠎ᠠ ᠲᠣᠰᠬᠤᠨ ᠵᠢᠴᠢ ᠦᠢᠯᠡᠳᠪᠦᠷᠢ ᠠᠭᠤᠷᠬᠠᠢ ᠶᠢᠨ ᠭᠠᠵᠠᠷ 27896.76 ᠾᠧᠺᠲ᠋ᠠᠷ᠃ ᠡᠭᠦᠨ ᠳᠤ᠄ ᠪᠠᠶᠢᠭᠤᠯᠣᠯᠲᠤ ᠪᠠᠯᠭᠠᠰᠤ 5158.16 ᠾᠧᠺᠲ᠋ᠠᠷ᠂ ᠠᠶᠢᠯ ᠲᠣᠰᠬᠤᠨ 16666.74 ᠾᠧᠺᠲ᠋ᠠᠷ᠂ ᠬᠤᠵᠢᠷᠯᠢᠭ ᠲᠠᠷᠢᠶ᠎ᠠ ᠵᠢᠴᠢ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ 5916.51 ᠾᠧᠺᠲ᠋ᠠᠷ᠂ ᠠᠯᠳᠠᠷᠲᠤ ᠦᠵᠡᠮᠵᠢ ᠣᠷᠣᠨ ᠵᠢᠴᠢ ᠣᠨᠴᠠᠭᠠᠶ ᠬᠡᠷᠡᠭᠯᠡᠬᠦ ᠭᠠᠵᠠᠷ 155.35 ᠾᠧᠺᠲ᠋ᠠᠷ᠃   7. ᠵᠠᠮ ᠲᠡᠭᠡᠭᠡᠪᠦᠷᠢ ᠳᠤ ᠬᠡᠷᠡᠭᠯᠡᠬᠦ ᠭᠠᠵᠠᠷ 4090.35 ᠾᠧᠺᠲ᠋ᠠᠷ᠃ ᠡᠭᠦᠨ ᠳᠤ᠄ ᠲᠡᠮᠦᠷ ᠵᠠᠮ ᠳᠤ ᠬᠡᠷᠡᠭᠯᠡᠬᠦ ᠭᠠᠵᠠᠷ 746.4 ᠾᠧᠺᠲ᠋ᠠᠷ᠂ ᠵᠠᠰᠠᠮᠠᠯ ᠵᠠᠮ ᠳᠤ ᠬᠡᠷᠡᠭᠯᠡᠬᠦ ᠭᠠᠵᠠᠷ 3343.95 ᠾᠧᠺᠲ᠋ᠠᠷ᠃   8. ᠤᠰᠤᠨ ᠣᠷᠣᠨ ᠬᠢᠭᠡᠳ ᠤᠰᠤᠨ ᠠᠰᠢᠭᠯᠠᠯᠲᠠ ᠶᠢᠨ ᠲᠥᠬᠦᠭᠡᠷᠦᠮᠵᠢ ᠳᠤ ᠬᠡᠷᠡᠭᠯᠡᠬᠦ ᠭᠠᠵᠠᠷ 11212.38 ᠾᠧᠺᠲ᠋ᠠᠷ᠃ ᠡᠭᠦᠨ ᠳᠤ᠄ ᠭᠤᠣᠯ ᠮᠥᠷᠡᠨ ᠤ ᠤᠰᠤᠨ ᠭᠠᠳᠠᠷᠭᠤ 6526.53 ᠾᠧᠺᠲ᠋ᠠᠷ᠂ ᠨᠠᠭᠤᠷ ᠪᠦᠷᠢᠲᠤ ᠶᠢᠨ ᠤᠰᠤᠨ ᠭᠠᠳᠠᠷᠭᠤ 2005.97 ᠾᠧᠺᠲ᠋ᠠᠷ᠂ ᠤᠰᠤᠨ ᠴᠥᠭᠦᠷᠥᠮ ᠤᠨ ᠤᠰᠤᠨ ᠭᠠᠳᠠᠷᠭᠤ 1387.56 ᠾᠧᠺᠲ᠋ᠠᠷ᠂ ᠰᠢᠪᠡᠷ ᠪᠠᠯᠴᠢᠭ ᠲᠠᠢ ᠤᠰᠤᠨ ᠭᠠᠳᠠᠷᠭᠤ 1099.76 ᠾᠧᠺᠲ᠋ᠠᠷ᠂ ᠭᠤᠤ ᠰᠤᠪᠠᠭ 192.56 ᠾᠧᠺᠲ᠋ᠠᠷ᠂ ᠤᠰᠤᠨ ᠠᠰᠢᠭᠯᠠᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ 209.5 ᠾᠧᠺᠲ᠋ᠠᠷ ᠪᠠᠶᠢᠨ᠎ᠠ᠃          ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ          2023 ᠣᠨ ᠤ 8 ᠰᠠᠷ᠎ᠠ ᠶᠢᠨ 22 ᠤ ᠡᠳᠦᠷ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号