ᠼᠦᠢ ᠯᠧᠢ ᠯᠧᠢ ᠪᠡᠭᠡᠵᠢᠩ ᠤᠨ ᠳ᠋ᠦᠩ ᠱᠧᠩ ᠪᠦᠯᠦᠭᠯᠡᠯ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/8/24
       ᠣᠶᠢᠷ᠎ᠠ ᠳᠤ᠂ ᠬᠤᠰᠢᠭᠤᠨ ᠤ ᠳᠡᠳ᠋ ᠳᠠᠷᠤᠭ᠎ᠠ ᠼᠦᠢ ᠯᠧᠢ ᠯᠧᠢ ᠪᠡᠭᠡᠵᠢᠩ ᠤᠨ ᠳ᠋ᠦᠩ ᠱᠧᠩ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠳ᠋ᠦ᠋ ᠵᠢᠶᠠᠨ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠥᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠯᠣᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠤᠰᠬᠠᠢ ᠬᠤᠳᠠᠯᠳᠤᠭᠠᠴᠢᠨ ᠤᠷᠢᠬᠤ ᠳᠤᠭᠤᠶᠢᠯᠠᠩ ᠬᠢᠨ ᠰᠠᠭᠤᠳᠠᠯ ᠤᠨ ᠬᠤᠷᠠᠯ ᠳᠤ ᠣᠷᠣᠯᠴᠠᠪᠠ᠃ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠬᠤᠩᠬᠠᠳᠤ ᠠᠭᠤᠯᠠ ᠢᠳᠡᠰᠢᠨ ᠨᠣᠭᠤᠭ᠎ᠠ ᠶᠢᠨ ᠬᠦᠯᠡᠮᠵᠢ ᠶᠢᠨ ᠲᠣᠭᠤᠷᠢᠭ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠭᠤᠷᠢᠭ ᠵᠡᠷᠭᠡ ᠭᠠᠵᠠᠷ ᠲᠤ ᠬᠦᠷᠴᠦ ᠪᠣᠳᠠᠲᠠᠢ ᠰᠢᠨᠵᠢᠯᠡᠨ ᠪᠠᠶᠢᠴᠠᠭᠠᠪᠠ᠃       
微信图片_20230824101609.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号