8 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠦᠯᠬᠦᠮ ᠳᠠᠭᠠᠭᠤᠯᠤᠨ ᠱᠠᠨᠰᠢ ᠮᠤᠵᠢ ᠶᠢᠨ ᠢᠤᠢ ᠯᠢᠨ ᠬᠤᠲᠠ ᠳᠤ ᠬᠦᠷᠴᠦ ᠲᠥᠷᠥᠯ ᠵᠦᠢᠯ ᠢ ᠰᠢᠨᠵᠢᠯᠡᠨ | ᠪᠠᠶᠢᠴᠠᠭᠠᠭᠰᠠᠨ ᠪᠥᠭᠡᠳ ᠱᠠᠨᠰᠢ ᠶᠢᠨ ᠨᠡᠭᠦᠷᠡᠰᠦᠨ ᠤ ᠪᠦᠯᠦᠭᠯᠡᠯ ᠤᠨ ᠢᠤᠢ ᠯᠢᠨ ᠬᠢᠮᠢ ᠶᠢᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠡᠾᠦ᠋ᠢ ᠮᠢᠨ᠂ ᠳ᠋ᠦᠩ ᠬᠤᠸᠠ ᠢᠨᠵᠧᠨᠧᠷᠢᠩ ᠤᠨ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠯᠢ ᠰᠢᠨ ᠲᠠᠢ ᠭᠤᠷᠪᠠᠨ ᠲᠠᠯ᠎ᠠ ᠪᠠᠷ | ᠢᠶᠠᠨ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ᠃ ᠬᠤᠷᠠᠯ ᠳᠡᠭᠡᠷ᠎ᠡ᠂ ᠭᠤᠷᠪᠠᠨ ᠲᠠᠯ᠎ᠠ ᠪᠠᠷ ᠢᠶᠠᠨ ᠡᠲ᠋ᠢᠯ | ᠬᠤᠶᠠᠷᠴᠢ ᠠᠯᠺᠣᠣᠯ ᠤᠨ ᠲᠥᠷᠥᠯ ᠵᠦᠢᠯ ᠤᠨ ᠣᠳᠣᠬᠠᠨ ᠤ ᠠᠬᠢᠴᠠ ᠶᠢᠨ ᠪᠠᠶᠢᠳᠠᠯ᠂ ᠬᠤᠶᠠᠳᠤᠭᠠᠷ | ᠬᠤᠭᠤᠴᠠᠭᠠᠨ ᠤ ᠲᠥᠷᠥᠯ ᠵᠦᠢᠯ ᠤᠨ ᠲᠥᠰᠥᠯ ᠵᠡᠷᠭᠡ ᠶᠢᠨ ᠲᠣᠭᠤᠷᠢᠨ ᠳᠤ ᠭᠦᠨᠵᠡᠭᠡᠢ ᠰᠠᠨᠠᠯ ᠢᠶᠠᠨ ᠰᠣᠯᠢᠯᠴᠠᠭᠰᠠᠨ | ᠪᠥᠭᠡᠳ ᠣᠯᠠᠨ ᠵᠦᠢᠯ ᠤᠨ ᠬᠠᠮᠲᠤ ᠶᠢᠨ ᠲᠠᠨᠢᠯᠲᠠ ᠲᠠᠢ ᠪᠤᠯᠪᠠ᠃ ᠬᠤᠰᠢᠭᠤᠨ ᠤ ᠲᠡᠳ᠋ ᠳᠠᠷᠤᠭ᠎ᠠ ᠯᠢ ᠶᠦᠩ ᠬᠠᠢ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃ | | | |