ᠯᠢᠦ ᠶᠦᠩ ᠬᠠᠮᠲᠤ ᠶᠠᠪᠣᠭᠰᠠᠳ ᠲᠠᠢ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/8/24
    8 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠬᠠᠮᠲᠤ ᠶᠠᠪᠣᠭᠰᠠᠳ ᠲᠠᠢ ᠪᠠᠨ ᠭᠡᠷᠴᠢᠯᠠᠭᠤ ᠰᠤᠮᠤ ᠶᠢᠨ ᠪᠠᠶᠠᠨᠪᠤᠯᠠᠭ ᠭᠠᠴᠠᠭ᠎ᠠ ᠳᠤ ᠬᠦᠷᠴᠦ ᠬᠡᠷᠡᠭ ᠲᠤ ᠴᠢᠭᠯᠡᠭᠦᠯᠦᠨ ᠪᠠᠭᠤᠨ ᠰᠣᠷᠪᠣᠯᠵᠢᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠮᠵᠢᠯᠲᠠᠲᠠᠢ ᠡᠶᠡᠳᠡᠭᠦᠯᠦᠨ ᠰᠢᠢᠳᠪᠦᠷᠢᠯᠡᠪᠡ᠃
8e44a15c73e7a7550f5117e92e8eb25.jpg
    ᠪᠠᠶᠠᠨᠪᠤᠯᠠᠭ ᠭᠠᠴᠠᠭ᠎ᠠ ᠶᠢᠨ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠲᠤ᠂ ᠯᠢᠦ ᠶᠦᠩ᠂ ᠶᠠᠩ ᠽᠢ ᠴᠢᠶᠠᠩ ᠨᠠᠷ ᠵᠠᠬᠢᠳᠠᠯ ᠰᠣᠷᠪᠤᠯᠵᠢᠯᠠᠭ᠎ᠠ ᠬᠢᠭᠰᠡᠨ ᠬᠦᠮᠦᠨ ᠲᠠᠢ ᠨᠢᠭᠤᠷᠳᠠᠨ  ᠰᠣᠯᠢᠯᠴᠠᠵᠤ᠂ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠬᠤᠯᠪᠣᠭᠳᠠᠯ ᠪᠦᠬᠦᠢ ᠠᠵᠢᠯᠲᠠᠳ ᠲᠠᠢ ᠭᠦᠨᠵᠡᠭᠡᠢ ᠵᠠᠳᠠᠯᠤᠨ ᠰᠤᠳᠤᠯᠬᠤ ᠶᠢᠨ ᠬᠠᠮᠲᠤ ᠪᠣᠳᠠᠲᠠᠢ ᠪᠠᠶᠢᠳᠠᠯ ᠲᠠᠢ ᠨᠢ ᠤᠶᠠᠯᠳᠤᠭᠤᠯᠤᠨ ᠵᠠᠬᠢᠳᠠᠯ ᠰᠣᠷᠪᠤᠯᠵᠢᠯᠠᠭ᠎ᠠ ᠬᠢᠭᠰᠡᠨ ᠬᠦᠮᠦᠨ ᠢ ᠬᠦᠯᠢᠴᠡᠩᠭᠦᠢ ᠪᠠᠷ ᠵᠢᠭᠠᠨ ᠵᠢᠯᠤᠭᠤᠳᠴᠤ᠂ ᠵᠠᠬᠢᠳᠠᠯ ᠰᠣᠷᠪᠤᠯᠵᠢᠯᠠᠭ᠎ᠠ ᠬᠢᠭᠰᠡᠨ ᠬᠦᠮᠦᠨ ᠤ ᠭᠤᠮᠣᠳᠠᠯ ᠱᠠᠭᠠᠷᠳᠠᠯᠭ᠎ᠠ ᠶᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠨ᠂ ᠵᠠᠭᠠᠯᠳᠤᠬᠤ ᠪᠠᠨ ᠵᠣᠭᠰᠣᠵᠤ ᠰᠤᠷᠪᠤᠯᠵᠢᠯᠠᠬᠤ ᠪᠠᠨ ᠪᠣᠯᠢᠬᠤ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠣᠭᠤᠯᠪᠠ᠃    ᠯᠢᠦ ᠶᠦᠩ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ  ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠳᠠ᠂ ᠬᠤᠰᠢᠭᠤ ᠬᠤᠶᠠᠷ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯᠣᠨ ᠡᠳᠦᠷ ᠳᠤᠳᠤᠮ ᠤᠨ ᠲᠤᠬᠠᠶᠢᠯᠠᠭᠰᠠᠨ ᠠᠵᠢᠯ ᠢ ᠵᠡᠷᠭᠡᠪᠡᠷ ᠠᠳᠬᠤᠵᠤ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠰᠠᠭᠠᠳ ᠦᠭᠡᠢ ᠨᠠᠪᠲᠠᠷᠡᠭᠦᠯᠵᠦ᠂ ᠤᠴᠢᠷ ᠪᠣᠯᠭᠠᠨ ᠢ ᠨᠠᠶᠢᠳᠠᠪᠤᠷᠢᠵᠢᠭᠤᠯᠬᠤ᠂ ᠤᠴᠢᠷ ᠪᠣᠯᠭᠠᠨ ᠳᠤ ᠬᠠᠷᠢᠭᠤ ᠥᠭᠬᠦ ᠶᠢ ᠪᠡᠶᠡᠯᠡᠭᠦᠯᠵᠦ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠨᠠᠮ ᠤᠨ ᠬᠦᠴᠢᠷ ᠵᠣᠪᠠᠭᠤᠷᠢ ᠶᠢ  ᠬᠤᠪᠢᠶᠠᠷᠢᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠭᠦᠨᠵᠡᠭᠡᠢ ᠬᠡᠷᠡᠭᠵᠢᠭᠦᠯᠦᠨ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠤᠲᠤᠭ ᠤᠰᠤ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾  ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠤᠯᠪᠤᠭᠠᠯᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠵᠤ᠂ ᠮᠥᠷᠳᠡᠨ ᠳᠠᠭᠠᠬᠤ ᠱᠠᠭᠠᠷᠳᠠᠨ ᠪᠠᠶᠢᠴᠠᠭᠠᠬᠤ ᠦᠷ᠎ᠡ ᠪᠦᠲᠦᠮᠵᠢ ᠶᠢ ᠨᠢ ᠠᠰᠠᠭᠤᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠪᠠᠲᠤᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号