| ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠬᠢᠨ ᠬᠥᠬᠡ ᠠᠭᠤᠯᠠ ᠬᠥᠬᠡᠮᠳᠦᠭ ᠤᠰᠤ ᠪᠣᠯ ᠠᠯᠲᠠ | ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠠᠮᠢ ᠠᠬᠤᠢ ᠪᠠᠷ | ᠬᠤᠰᠢᠭᠤ ᠪᠠᠨ ᠪᠠᠶᠢᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ | ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠥᠷᠢᠲᠦ ᠡᠪᠡᠰᠦ ᠡᠯᠡᠰᠦ ᠶᠢ | ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠠᠬᠢᠭᠤᠯᠵᠤ | ᠂ ᠲᠦᠩᠯᠢᠶᠣᠣ ᠬᠤᠲᠠ ᠶᠢᠨ ᠬᠤᠶᠢᠲᠤ ᠬᠡᠰᠡᠭ ᠤᠨ ᠴᠢᠬᠤᠯᠠ ᠤᠰᠤᠨ ᠰᠤᠷᠪᠤᠯᠵᠢ ᠶᠢ ᠬᠠᠳᠠᠭᠠᠯᠠᠬᠤ ᠭᠠᠵᠠᠷ ᠪᠠ | ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠣᠷᠴᠢᠨ ᠠᠬᠤᠢ ᠬᠢᠭᠡᠳ ᠠᠵᠤ | ᠠᠬᠤᠢ ᠵᠣᠬᠢᠴᠠᠯᠳᠤᠨ ᠬᠥᠭᠵᠢᠭᠰᠡᠨ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠭᠰᠠᠨ | ᠴᠤ ᠰᠢᠨ᠎ᠡ ᠵᠢᠷᠤᠭ ᠳᠦᠷᠰᠦ ᠵᠢᠷᠣᠭᠯᠠᠪᠠ᠃ | | | ᠡᠳᠦᠷ ᠪᠦᠷᠢ ᠶᠢᠨ ᠥᠷᠯᠥᠭᠡ᠂ ᠳᠣᠯᠣᠲᠤ ᠰᠤᠮᠤᠨ ᠤ ᠮᠤᠷᠤᠯᠵᠠᠨ ᠰᠣᠨᠣᠯᠵᠠᠬᠤ ᠠᠭᠤᠯᠠᠨ ᠵᠠᠮ ᠢᠶᠠᠷ ᠮᠠᠰᠢᠨ | ᠲᠡᠷᠭᠡᠨ ᠤ ᠬᠥᠳᠡᠯᠭᠡᠭᠦᠷ ᠤᠨ ᠬᠦᠩᠭᠢᠨᠡᠬᠦ ᠳᠠᠭᠤᠨ ᠢ ᠦᠷᠭᠦᠯᠵᠢ ᠣᠯᠵᠤ ᠰᠣᠨᠣᠰᠳᠠᠭ᠃ ᠤᠤᠯ ᠤᠨ ᠬᠢ ᠲᠠᠢ ᠪᠠᠨ | ᠠᠳᠠᠯᠢ ᠪᠠᠷ᠂ ᠳᠣᠯᠣᠲᠤ ᠰᠤᠮᠤᠨ ᠤ ᠬᠠᠮᠢᠶᠠᠷᠤᠨ ᠬᠠᠮᠠᠭᠠᠯᠠᠬᠤ ᠦᠷᠳᠡᠭᠡ ᠶᠢᠨ ᠠᠵᠢᠯᠲᠠᠳ ᠥᠷᠯᠥᠭᠡ ᠶᠢᠨ ᠨᠡᠷᠡᠨ ᠶᠢ | ᠤᠭᠲᠤᠵᠤ᠂ ᠡᠳᠦᠷ ᠤᠨ ᠲᠣᠭᠤᠷᠢᠨ ᠬᠠᠮᠠᠭᠠᠯᠠᠬᠤ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ | | | ᠳᠣᠯᠣᠲᠤ ᠬᠠᠮᠢᠶᠠᠷᠤᠨ ᠬᠠᠮᠠᠭᠠᠯᠠᠬᠤ ᠦᠷᠲᠡᠭᠡ ᠨᠢ ᠳᠣᠯᠤᠲᠤ ᠭᠠᠴᠠᠭ᠎ᠠ ᠶᠢᠨ ᠬᠤᠶᠢᠲᠤ ᠪᠡᠶ᠎ᠡ ᠳᠤ ᠪᠠᠶᠢᠷᠢᠯᠠᠵᠤ᠂ | ᠳᠣᠯᠣᠲᠤ ᠭᠠᠴᠠᠭ᠎ᠠ᠂ ᠰᠢᠷᠡᠭᠡᠲᠦ ᠭᠠᠴᠠᠭ᠎ᠠ᠂ ᠳ᠋ᠠᠮᠢᠬᠤᠸᠠ ᠭᠠᠴᠠᠭ᠎ᠠ᠂ ᠪᠠᠶᠠᠨᠮᠠᠩᠬ᠎ᠠ ᠵᠢᠴᠢ ᠪᠠᠶᠠᠨᠮᠠᠩᠬ᠎ᠠ ᠤᠢ | ᠰᠢᠭᠤᠢ ᠶᠢᠨ ᠲᠠᠯᠠᠪᠠᠢ ᠵᠡᠷᠭᠡ 5 ᠭᠠᠴᠠᠭ᠎ᠠ ᠂ ᠲᠠᠯᠠᠪᠠᠢ ᠶᠢᠨ ᠬᠦᠨᠳᠦ ᠨᠣᠴᠢᠲᠠᠢ ᠮᠠᠭᠤᠳᠠᠭᠰᠠᠨ ᠨᠤᠲᠤᠭ ᠪᠡᠯᠴᠢᠭᠡᠷ ᠢ | ᠵᠠᠰᠠᠬᠤ ᠢᠨᠵᠧᠨᠧᠷᠢᠩ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠨ ᠰᠡᠷᠭᠦᠭᠡᠬᠦ ᠢᠨᠵᠧᠨᠧᠷᠢᠩ ᠪᠣᠯᠣᠨ | ᠡᠸᠦ᠋ᠷᠦᠫᠡ ᠲᠢᠪ ᠤᠨ ᠪᠡᠯᠡ ᠣᠷᠣᠭᠤᠯᠤᠯᠲᠠ ᠶᠢᠨ ᠪᠠᠩᠬᠢ ᠶᠢᠨ ᠣᠶᠢᠵᠢᠭᠤᠯᠣᠭᠰᠠᠨ ᠲᠦᠷᠦᠯ ᠵᠦᠢᠯ ᠵᠢᠴᠢ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠠᠵᠢᠯ ᠢ | ᠡᠭᠦᠷᠭᠡᠯᠡᠵᠦ᠂ ᠬᠠᠮᠢᠶᠠᠷᠤᠨ ᠬᠠᠮᠠᠭᠠᠯᠠᠬᠤ ᠲᠠᠯᠠᠪᠠᠢ ᠨᠢ 28.7 ᠲᠦᠮᠡᠨ ᠮᠦ ᠬᠦᠷᠪᠡ᠃ | ︽ᠪᠢᠳᠡ ᠡᠳᠦᠷ ᠪᠦᠷᠢ 4 ᠴᠠᠭ ᠲᠣᠭᠤᠷᠢᠨ ᠪᠠᠶᠢᠴᠠᠭᠠᠵᠤ᠂ 300 ᠭᠠᠷᠣᠢ ᠺᠢᠯᠣᠮᠧᠲᠷ ᠶᠠᠪᠣᠵᠤ᠂ | ᠭᠤᠣᠯᠳᠠᠭᠤ ᠬᠠᠷᠢᠶ᠎ᠠ ᠣᠷᠣᠨ ᠤ ᠳᠣᠲᠣᠷᠠᠬᠢ ᠬᠤᠯᠠᠭᠠᠶᠢᠯᠠᠨ ᠮᠠᠯᠵᠢᠬᠤ᠂ ᠳᠤᠷ᠎ᠠ ᠪᠠᠷ ᠢᠶᠠᠨ ᠮᠠᠯᠵᠢᠬᠤ᠂ ᠠᠩ | ᠠᠩᠨᠠᠬᠤ᠂ ᠠᠲᠠᠷ ᠬᠠᠭᠠᠯᠪᠤᠷᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠣᠭᠤᠷᠢᠨ ᠪᠠᠶᠢᠴᠠᠭᠠᠵᠤ᠂ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠬᠤᠷᠢᠭᠯᠠᠨ ᠵᠣᠭᠰᠤᠭᠠᠬᠤ ᠶᠢᠨ | ᠬᠠᠮᠲᠤ ᠰᠤᠮᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠮᠡᠳᠡᠭᠦᠯᠦᠨ᠎ᠡ᠃︾ ᠬᠢᠵᠦ ᠳᠣᠯᠣᠲᠤ ᠬᠠᠮᠢᠶᠠᠷᠤᠨ | ᠬᠠᠮᠠᠭᠠᠯᠠᠬᠤ ᠥᠷᠲᠡᠭᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠂ ᠣᠶ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠬᠠᠮᠢᠶᠠᠷᠤᠨ | ᠬᠠᠮᠠᠭᠠᠯᠠᠬᠤ ᠥᠷᠲᠡᠭᠡ ᠨᠢ ᠳᠣᠯᠣᠲᠤ ᠰᠤᠮᠤ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠬᠥᠳᠡᠯᠦᠯᠴᠡᠵᠦ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠪᠥᠬᠦ | ᠬᠡᠪᠴᠢᠶ᠎ᠡ ᠪᠠᠷ᠂ ᠪᠥᠬᠦ ᠡᠳᠦᠷ ᠢᠶᠠᠷ ᠬᠢᠨᠠᠨ ᠬᠠᠮᠢᠶᠠᠷᠴᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ | ᠪᠥᠷᠢᠲᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢᠶᠠᠨ ᠦᠨᠡᠨ ᠬᠦ ᠬᠠᠮᠠᠭᠠᠯᠠᠪᠠ᠃ | | | ᠡᠨᠡ ᠪᠣᠯ ᠵᠥᠪᠬᠡᠨ ᠪᠦᠬᠦ ᠬᠤᠰᠢᠭᠤᠨ ᠤ ︽ᠠᠭᠤᠯᠠ ᠤᠰᠤᠨ ᠤ ᠢᠨᠵᠧᠨᠧᠷᠢᠩ︾ ᠤᠨ ᠣᠶ ᠰᠢᠭᠤᠢ ᠪᠠ | ᠲᠠᠯ᠎ᠠ ᠨᠤᠲᠤᠭ ᠤᠨ ᠲᠥᠷᠥᠯ ᠵᠦᠢᠯ ᠤᠨ ᠲᠣᠭᠤᠷᠢᠭ ᠤᠨ ᠬᠠᠮᠠᠭᠠᠯᠠᠯᠲᠠ ᠶᠢᠨ ᠬᠤᠷᠢᠶᠠᠩᠭᠤᠢ ᠳᠦᠷᠰᠦ ᠲᠡᠳᠦᠢ ᠶᠤᠮ | ᠃ ᠬᠤᠯᠠᠭᠠᠶᠢᠯᠠᠨ ᠣᠭᠲᠣᠯᠬᠤ᠂ ᠳᠤᠷ᠎ᠠ ᠪᠠᠷ ᠢᠶᠠᠨ ᠣᠭᠲᠣᠯᠬᠤ᠂ ᠲᠦᠯᠡᠭᠡ ᠠᠪᠬᠤ᠂ ᠮᠠᠯᠵᠢᠬᠤ᠂ ᠠᠲᠠᠷ | ᠬᠠᠭᠠᠯᠪᠣᠷᠢᠯᠠᠬᠤ᠂ ᠬᠠᠮᠢᠶᠠᠷᠴᠤ ᠬᠠᠮᠠᠭᠠᠯᠠᠬᠤ ᠲᠡᠮᠳᠡᠭ ᠲᠥᠬᠦᠭᠡᠷᠦᠮᠵᠢ ᠶᠢ ᠡᠪᠳᠡᠬᠦ ᠵᠡᠷᠭᠡ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠬᠤ ᠶᠢᠨ ᠲᠥᠯᠥᠭᠡ᠂ ᠵᠠᠷᠤᠳ | ᠬᠤᠰᠢᠭᠤ ᠬᠢᠨ 35 ᠠᠭᠤᠯᠠ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠦᠷᠲᠡᠭᠡ | ᠪᠠᠶᠢᠭᠤᠯᠵᠤ᠂ 523 ᠤᠢ ᠰᠢᠭᠤᠢ ᠶᠢᠨ ᠠᠬᠠᠯᠠᠭᠴᠢ ᠲᠣᠬᠢᠷᠠᠭᠤᠯᠵᠤ᠂ 4 ᠤᠢ ᠰᠢᠭᠤᠢ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠪᠠ 3 ᠨᠤᠲᠤᠭ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠳᠤᠭᠤᠶᠢᠯᠠᠩ ᠪᠠᠶᠢᠭᠤᠯᠵᠤ᠂ ᠪᠦᠬᠦ ᠬᠤᠰᠢᠭᠤᠨ ᠤ ᠶᠠᠭ ᠰᠠᠶᠢᠬᠠᠨ ᠣᠶᠢᠵᠢᠭᠤᠯᠵᠤ ᠪᠠᠶᠢᠭ᠎ᠠ ᠭᠠᠵᠠᠷ ᠪᠠ ᠨᠤᠲᠤᠭ | ᠪᠡᠯᠴᠢᠭᠡᠷ ᠢ ᠰᠡᠷᠭᠦᠭᠡᠨ ᠵᠠᠰᠠᠵᠤ ᠪᠠᠶᠢᠭ᠎ᠠ ᠭᠠᠵᠠᠷ ᠲᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠠᠪᠣᠭᠤᠯᠪᠠ᠃ | ᠡᠭᠦᠨ ᠤ ᠬᠠᠮᠲᠤ ︽ᠣᠶ ᠰᠢᠭᠤᠢ ᠶᠢᠨ ᠠᠬᠠᠯᠠᠭᠴᠢ ᠶᠢᠨ ᠳᠦᠷᠢᠮ︾ ᠢᠶᠠᠷ ᠬᠤᠰᠢᠭᠤᠴᠢ ᠪᠣᠯᠭᠠᠨ ᠡᠯ᠎ᠡ ᠵᠦᠢᠯ ᠤᠨ | ᠱᠠᠭᠠᠷᠳᠠᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠣᠶ ᠰᠢᠭᠤᠢ ᠶᠢᠨ ᠠᠬᠠᠯᠠᠭᠴᠢ ᠶᠢᠨ ᠳᠦᠷᠢᠮ︾ | ᠤᠨ ᠠᠵᠢᠯ ᠢ ᠱᠠᠭᠠᠷᠳᠠᠨ ᠪᠠᠶᠢᠴᠠᠭᠠᠬᠤ ᠬᠥᠳᠡᠯᠭᠡᠬᠦ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠡᠯ᠎ᠡ ᠭᠠᠵᠠᠷ ᠤᠨ | ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠢ ᠬᠢᠨᠠᠨ ᠵᠢᠯᠤᠭᠤᠳᠴᠤ᠂ | ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠥᠬᠦ ᠬᠦᠷᠢᠶ᠎ᠡ᠂ ᠪᠥᠬᠦ ᠴᠠᠷᠠᠭ᠎ᠠ᠂ ᠪᠦᠬᠦᠯᠢ ᠡᠳᠦᠷ᠂ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠬᠢᠬᠦ ᠶᠢ ᠪᠡᠶᠡᠯᠡᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠠᠮᠢ | ᠠᠬᠤᠢ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠲᠦᠩᠯᠢᠶᠣᠣ ᠶᠢᠨ ᠬᠤᠶᠢᠲᠤ ᠬᠡᠰᠡᠭ ᠤᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ | ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ ᠤ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ | ᠢᠨᠵᠧᠨᠧᠷᠢᠩ ᠪᠣᠯ ︽ᠠᠭᠤᠯᠠ ᠤᠰᠤᠨ ᠤ ᠢᠨᠵᠧᠨᠧᠷᠢᠩ︾ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠵᠦᠪᠬᠡᠨ | ᠳᠣᠯᠣᠲᠤ ᠰᠤᠮᠤ ᠳᠤ 10 ᠵᠠᠰᠠᠬᠤ ᠣᠷᠣᠨ ᠲᠠᠢ ᠪᠠᠶᠢᠵᠤ᠂ ᠶᠡᠷᠦᠩᠬᠡᠢ ᠵᠠᠰᠠᠬᠤ ᠲᠠᠯᠠᠪᠠᠶ ᠨᠢ 119.54 ᠲᠦᠮᠡᠨ | ᠲᠡᠭᠰᠢ ᠳᠥᠷᠪᠡᠯᠵᠢᠨ ᠮᠧᠲᠷ ᠪᠣᠯᠣᠨ᠎ᠠ᠃ ᠣᠳᠣᠬᠠᠨ ᠳᠤ᠂ 10 ᠵᠠᠰᠠᠯᠲᠠ ᠶᠢᠨ ᠣᠷᠣᠨ ᠤ ᠰᠢᠷᠣᠢ ᠴᠢᠯᠠᠭᠤᠨ ᠤ | ᠢᠨᠵᠧᠨᠧᠷᠢᠩ ᠪᠠ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠨᠢᠭᠡᠨᠲᠡ ᠳᠠᠭᠤᠰᠬᠠᠵᠤ᠂ ᠳᠠᠭᠠᠯᠲᠠ ᠢᠨᠵᠧᠨᠧᠷᠢᠩ ᠢ | ᠶᠠᠭ ᠪᠠᠷᠢᠵᠤ ᠪᠠᠶᠢᠨ᠎ᠠ᠃ | ︽ᠣᠳᠣᠬᠠᠨ ᠳᠤ ᠠᠳᠡ ᠤᠤᠯ ᠤᠨ ᠳᠥᠷᠢ ᠲᠥᠷᠬᠦ ᠦᠨᠳᠦᠰᠦᠨ ᠳᠡᠭᠡᠨ ᠰᠡᠷᠭᠦᠵᠡᠢ᠂ ᠳᠠᠷᠠᠭᠠᠴᠢ ᠶᠢᠨ | ᠠᠯᠬᠤᠮ ᠳᠤ ᠪᠢᠳᠡ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠠᠷ ᠳᠠᠮᠵᠢᠨ᠂ ᠵᠠᠰᠠᠯᠲᠠ ᠶᠢᠨ ᠣᠷᠣᠨ ᠤ | ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠪᠣᠯᠣᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︾᠃ ᠭᠡᠵᠦ ᠳᠣᠯᠣᠲᠤ ᠰᠤᠮᠤ ᠶᠢᠨ ᠤᠰᠤᠨ ᠤ ᠡᠬᠢ ᠰᠤᠷᠪᠤᠯᠵᠢ ᠶᠢ | ᠬᠠᠳᠠᠭᠠᠯᠠᠬᠤ ᠣᠷᠣᠨ ᠤ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠠᠬᠤᠢ ᠲᠠᠯᠠᠪᠠᠢ ᠳᠤ᠂ | ᠲᠦᠷᠦᠯ ᠵᠦᠢᠯ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠨᠠᠷᠢᠨ ᠪᠠᠶᠢᠳᠠᠯ ᠢ ᠲᠠᠨᠢᠯᠴᠠᠭᠤᠯᠵᠤ᠂ | ᠭᠠᠵᠠᠷ ᠤᠨ ᠪᠠᠶᠢᠴᠠ ᠶᠢ ᠳᠠᠬᠢᠨ ᠱᠤᠭᠤᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠳᠠᠭᠠᠯᠲᠠ | ᠢᠨᠵᠧᠨᠧᠷᠢᠩ ᠢᠶᠠᠷ ᠳᠠᠮᠵᠢᠨ ᠠᠭᠤᠷᠬᠠᠢ ᠶᠢ ᠶᠡᠷᠦᠩᠬᠡᠶᠢᠯᠡᠨ ᠵᠠᠰᠠᠵᠤ᠂ ᠮᠠᠯᠲᠠᠵᠤ ᠭᠠᠷᠭᠠᠭᠰᠠᠨ ᠠᠭᠤᠷᠬᠠᠢ ᠶᠢᠨ ᠨᠦᠬᠡ | ᠨᠢ ᠣᠷᠣ ᠮᠥᠷ ᠦᠭᠡᠢ ᠠᠷᠢᠯᠵᠤ᠂ ᠬᠥᠬᠡ ᠠᠭᠤᠯᠠ ᠬᠥᠬᠡᠮᠳᠦᠭ ᠰᠠᠶᠢᠬᠠᠨ ᠦᠩᠭᠡ ᠦᠵᠡᠮᠵᠢ ᠨᠢ ᠤᠳᠠᠯ ᠦᠭᠡᠢ | ᠪᠡᠶᠡᠯᠡᠭᠳᠡᠬᠦ ᠭᠡᠵᠦ ᠪᠠᠶᠢᠨ᠎ᠠ ᠭᠡᠪᠡ᠃ | ᠣᠶᠢᠷ᠎ᠠ ᠶᠢᠨ ᠵᠢᠯ ᠠᠴᠠ ᠨᠠᠰᠢ᠂ ᠬᠥᠮᠥᠨ ᠠᠮᠠ ᠨᠡᠮᠡᠭᠳᠡᠬᠦ᠂ ᠬᠡᠲᠦᠷᠡᠲᠡᠯ᠎ᠡ ᠠᠰᠢᠭᠯᠠᠬᠤ᠂ ᠠᠭᠤᠷ | ᠠᠮᠢᠰᠬᠤᠯ ᠤᠨ ᠰᠢᠯᠲᠠᠭᠠᠨ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠳᠣᠯᠣᠲᠤ | ᠰᠤᠮᠤ ᠶᠢᠨ ᠨᠤᠲᠤᠭ ᠪᠡᠯᠴᠢᠭᠡᠷ ᠤᠨ ᠮᠠᠯᠵᠢᠬᠤ ᠣᠷᠣᠨ ᠳᠤ ᠤᠷᠭᠤᠮᠠᠯ ᠤᠨ ᠬᠤᠴᠢᠯᠭ᠎ᠠ ᠮᠠᠭᠤᠳᠠᠬᠤ᠂ ᠬᠥᠷᠥᠰᠥ | ᠰᠢᠷᠣᠢ ᠡᠯᠡᠰᠦᠵᠢᠬᠦ ᠵᠡᠷᠭᠡ ᠲᠣᠪᠣᠶᠢᠮ᠎ᠠ ᠠᠰᠠᠭᠤᠳᠠᠯ ᠢᠯᠡᠷᠡᠭᠰᠡᠨ ᠪᠠᠶᠢᠨ᠎ᠠ᠃ ᠠᠮᠢ ᠠᠬᠤᠢ ᠶᠢᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠬᠥᠬᠡ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠰᠠᠶᠢᠲᠤᠷ ᠬᠠᠮᠠᠭᠠᠯᠠᠬᠤ ᠶᠢᠨ | ᠲᠥᠯᠥᠭᠡ᠂ ᠳᠣᠯᠣᠲᠤ ᠰᠤᠮᠤ ᠶᠢᠨ ᠬᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠᠷ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ︽ᠪᠢᠲᠡᠭᠦᠮᠵᠢᠯᠡᠬᠦ + ᠬᠠᠭᠠᠯᠪᠤᠷᠢᠯᠠᠬᠤ ᠦᠭᠡᠢ ᠪᠠᠷ ᠲᠠᠷᠢᠬᠤ + | ᠪᠣᠷᠳᠣᠭᠤᠷ ᠣᠷᠣᠭᠤᠯᠬᠤ︾ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠠᠪᠴᠤ᠂ ᠱᠠ ᠳ᠋ᠠ ᠸᠠᠩ᠂ ᠬᠤᠵᠢᠷᠯᠢᠭ | ᠡᠪᠡᠰᠦ᠂ ᠮᠥᠰᠥᠨ ᠡᠪᠡᠰᠦ ᠵᠡᠷᠭᠡ ᠤᠷᠭᠤᠮᠠᠯ ᠢ ᠬᠤᠯᠢᠯᠳᠤᠭᠤᠯᠤᠨ ᠲᠠᠷᠢᠪᠠ᠃ ᠣᠳᠣᠬᠠᠨ ᠳᠤ᠂ ᠪᠥᠬᠦ ᠰᠤᠮᠤᠨ ᠤ | ᠡᠪᠡᠰᠦᠲᠦ ᠭᠠᠵᠠᠷ ᠤᠨ ᠤᠷᠭᠤᠮᠠᠯ ᠤᠨ ᠬᠤᠴᠢᠯᠭ᠎ᠠ ᠨᠢᠭᠡᠨᠲᠡ 70% ᠠᠴᠠ 80% ᠬᠦᠷᠴᠦ᠂ ᠵᠡᠭᠡᠷᠭᠡᠨ᠎ᠡ᠂ | ᠬᠤᠨᠢᠨ ᠡᠪᠡᠰᠦ ᠵᠡᠷᠭᠡ ᠨᠤᠲᠤᠭ ᠤᠨ ᠤᠷᠭᠤᠮᠠᠯ ᠤᠨ ᠪᠦᠷᠬᠦᠴᠡ ᠵᠢᠴᠢ ᠡᠪᠡᠰᠦᠨ ᠤ ᠣᠯᠠᠨ ᠶᠠᠩᠵᠤᠲᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠪᠡ᠃ | ᠲᠠᠨᠢᠯᠴᠠᠭᠤᠯᠤᠭᠰᠠᠨ ᠢᠶᠠᠷ᠂ 2023 ᠣᠨ ᠤ ᠵᠠᠷᠤᠳ ᠬᠤᠰᠢᠭᠤᠨ ᠤ ᠠᠭᠤᠯᠠ ᠤᠰᠤᠨ ᠤ ᠢᠨᠵᠧᠨᠧᠷᠢᠩ ᠤᠨ | ᠣᠶ ᠰᠢᠭᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ 11.51 ᠲᠦᠮᠡᠨ ᠮᠦ ᠪᠠᠶᠢᠵᠤ᠂ | ᠣᠲᠣ ᠨᠢᠭᠡᠨᠲᠡ ᠪᠦᠬᠦᠨ ᠢ ᠪᠡᠶᠡᠯᠡᠭᠦᠯᠪᠡ︔ ᠬᠤᠶᠢᠲᠤ ᠬᠡᠰᠡᠭ ᠤᠨ ᠠᠭᠤᠯᠠᠷᠬᠠᠭ ᠭᠠᠵᠠᠷ ᠤᠨ ᠲᠠᠯ᠎ᠠ ᠨᠤᠲᠤᠭ ᠤᠨ | ᠬᠠᠯᠴᠠᠭᠠᠢ ᠲᠣᠯᠪᠤ ᠶᠢ 2 ᠲᠦᠮᠡᠨ ᠤ ᠵᠠᠰᠠᠨ ᠰᠡᠷᠭᠦᠭᠡᠬᠦ ᠢᠨᠵᠧᠨᠧᠷᠢᠩ ᠢ ᠪᠡᠶᠡᠯᠡᠭᠦᠯᠵᠦ᠂ ᠡᠭᠦᠨ ᠳᠤ 2698.7 ᠮᠦ | ᠪᠣᠳᠠ ᠮᠣᠳᠣ ᠲᠠᠷᠢᠵᠤ᠂ 2 ᠲᠦᠮᠡᠨ ᠮᠦ ᠡᠪᠡᠰᠦ ᠲᠠᠷᠢᠵᠤ᠂ ᠣᠳᠣᠬᠠᠨ ᠳᠤ ᠦᠨᠳᠦᠰᠦᠨ ᠳᠡᠭᠡᠨ ᠪᠡᠶᠡᠯᠡᠭᠦᠯᠪᠡ︔ | ᠵᠢᠷᠦᠬᠡ ᠪᠠᠯᠭᠠᠰᠤ ᠶᠢᠨ ᠵᠠᠯᠭ᠎ᠠ ᠲᠣᠰᠬᠤᠨ᠂ ᠠᠨ ᠯᠧ ᠲᠣᠰᠬᠤᠨ᠂ ᠵᠦᠩ ᠰᠢᠩ ᠲᠣᠰᠬᠤᠨ᠂ ᠵᠢᠷᠦᠬᠡ | ᠲᠣᠰᠬᠤᠨ ᠤ ᠠᠭᠤᠯᠠ ᠤᠰᠤᠨ ᠤ ᠢᠨᠵᠧᠨᠧᠷᠢᠩ ᠤᠨ ᠠᠮᠢ ᠠᠬᠤᠢ ᠶᠢᠨ ᠬᠤᠩᠭᠢᠯ ᠵᠠᠮ ᠤᠨ ᠪᠦᠲᠦᠭᠡᠨ | ᠪᠠᠶᠢᠭᠤᠯᠤᠯᠲᠠ ᠳᠤ ᠨᠢᠭᠡᠨᠲᠡ ᠨᠥᠬᠦᠵᠦ ᠤᠷᠭᠤᠭᠤᠯᠬᠤ ᠠᠵᠢᠯ ᠢ ᠪᠡᠶᠡᠯᠡᠭᠦᠯᠪᠡ᠃ | ᠣᠷᠴᠢᠨ ᠲᠣᠭᠤᠷᠢᠨ ᠪᠣᠯ ᠳᠠᠷᠤᠢ ᠠᠷᠠᠳ ᠤᠨ ᠠᠮᠢᠳᠤᠷᠠᠯ᠂ ᠬᠥᠬᠡ ᠣᠭᠲᠠᠷᠭᠤᠢ ᠪᠣᠯ ᠳᠠᠷᠤᠢ ᠵᠣᠯ ᠵᠢᠷᠭᠠᠯ | ᠮᠥᠨ᠃ ᠬᠤᠶᠢᠰᠢᠳᠠ ᠵᠠᠷᠤᠳ ᠬᠤᠰᠢᠭᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠣᠷᠳᠣ | ᠬᠤᠭᠤᠴᠠᠭ᠎ᠠ ᠪᠠᠷ ᠠᠬᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠬᠢᠷᠢ ᠲᠦᠪᠰᠢᠨ ᠤ | ᠬᠠᠮᠠᠭᠠᠯᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠡᠭᠷᠢ ᠨᠢ ᠨᠠᠩ | ᠴᠡᠯᠮᠡᠭ᠂ ᠠᠭᠤᠯᠠ ᠨᠢ ᠨᠠᠩ ᠨᠣᠭᠤᠭᠠᠨ᠂ ᠤᠰᠤ ᠨᠢ ᠨᠠᠩ ᠲᠤᠩᠭᠠᠯᠠᠭ᠂ ᠣᠷᠴᠢᠨ ᠲᠣᠭᠤᠷᠢᠨ ᠨᠢ ᠨᠠᠩ ᠭᠤᠶᠢᠳᠠ | ᠰᠠᠶᠢᠬᠠᠨ ᠦᠵᠡᠰᠬᠦᠯᠡᠩᠲᠦ ᠰᠠᠶᠢᠬᠠᠨ ᠵᠠᠷᠣᠳ ᠤᠨ ᠠᠮᠢ ᠠᠬᠤᠢ ᠶᠢᠨ ᠵᠢᠷᠤᠭ ᠢ ᠵᠢᠷᠤᠭᠯᠠᠵᠤ᠂ ᠪᠥᠬᠦ ᠬᠤᠰᠢᠭᠤᠨ ᠤ | ᠠᠷᠠᠳ ᠲᠦᠮᠡᠨ ᠳᠤ ᠨᠠᠩ ᠣᠯᠠᠨ ᠨᠠᠩ ᠰᠠᠶᠢᠨ ᠠᠮᠢ ᠠᠬᠤᠢ ᠶᠢᠨ ᠪᠤᠶᠠᠨ ᠵᠢᠷᠭᠠᠯ ᠢ ᠡᠭᠦᠳᠬᠦ ᠪᠤᠢ᠃ | |