ᠭᠠᠭ᠋ᠠᠶᠢᠲᠤ ᠪᠠᠯᠭᠠᠰᠤ ᠰᠠᠶᠢᠨ ᠡᠭᠦᠯᠳᠡᠷ ᠤᠨ ᠠᠯᠠᠰᠢᠨ ᠦᠬᠡᠷ ᠤᠨ ᠤᠳᠤᠮ ᠣᠭᠰᠠᠭ᠎ᠠ ᠶᠢᠨ ᠲᠠᠩᠰᠠ ᠡᠪᠬᠡᠮᠡᠯ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2023/8/25
    8 ᠰᠠᠷ᠎ᠠ ᠶᠢᠨ 24 ᠤ ᠡᠳᠦᠷ᠂ ᠭᠠᠭ᠋ᠠᠶᠢᠲᠤ ᠪᠠᠯᠭᠠᠰᠤᠨ ᠤ ᠵᠠᠪᠲᠤ ᠭᠠᠴᠠᠭ᠎ᠠ ᠬᠢᠨ ᠰᠠᠶᠢᠨ ᠡᠭᠦᠯᠳᠡᠷ ᠤᠨ ᠠᠯᠠᠰᠢᠨ ᠦᠬᠡᠷ ᠤᠨ ᠤᠳᠤᠮ ᠣᠭᠰᠠᠭ᠎ᠠ ᠶᠢᠨ ᠲᠠᠩᠰᠠ ᠡᠪᠬᠡᠮᠡᠯ ᠪᠠᠶᠢᠭᠤᠯᠬᠤ ᠠᠵᠢᠯ ᠤᠨ ᠰᠠᠭᠤᠳᠠᠯ ᠤᠨ ᠬᠤᠷᠠᠯ ᠬᠢᠪᠡ᠃ ᠮᠠᠯᠴᠢᠨ ᠲᠠᠷᠢᠶᠠᠴᠢᠨ ᠡᠷᠦᠬᠡ ᠶᠢ ᠦᠷᠭᠦᠯᠵᠢᠯᠡᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠠᠯᠠᠰᠢᠨ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠠᠯᠠᠰᠢᠨ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠣᠮᠣ ᠳ᠋ᠠᠶᠢᠲ᠋ᠠ ᠶᠢᠨ ᠲᠠᠪᠴᠠᠩ ᠤᠨ ᠱᠠᠭᠠᠷᠳᠠᠯᠭ᠎ᠠ ᠶᠣᠰᠣᠭᠠᠷ ᠨᠢᠭᠡ ᠦᠬᠡᠷ ᠲᠤ ᠨᠢᠭᠡ ᠲᠠᠩᠰᠠ ᠡᠪᠬᠡᠮᠡᠯ ᠪᠠᠶᠢᠬᠤ ᠶᠢ ᠴᠢᠩᠭ᠎ᠠ ᠬᠡᠷᠡᠭᠵᠢᠭᠦᠯᠬᠦ ᠶᠢᠨ ᠤᠯᠠᠮ ᠢᠶᠠᠷ ᠠᠯᠠᠰᠢᠨ ᠦᠬᠡᠷ ᠤᠨ ᠡᠭᠦᠯᠳᠡᠷ ᠤᠨ ᠶᠠᠰᠤ ᠴᠢᠨᠠᠷ᠂ ᠲᠡᠵᠢᠭᠡᠬᠦ ᠬᠡᠪᠴᠢᠶ᠎ᠡ ᠪᠠ ᠠᠵᠤ ᠠᠬᠤᠢ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
dd15c85ef0f17f76cdd446a2979267e.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号