| 8 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ | ᠭᠠᠭ᠋ᠠᠶᠢᠲᠤ ᠪᠠᠯᠭᠠᠰᠤᠨ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ | ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠦᠬᠡᠷ ᠤᠨ ᠠᠵᠤ ᠦᠢᠯᠡᠰ ᠢ ᠬᠥᠭᠵᠢᠭᠦᠯᠬᠦ᠂ ᠣᠨᠴᠠᠯᠢᠭᠲᠤ ᠲᠠᠷᠢᠮᠠᠯ ᠤᠨ ᠦᠢᠯᠡᠰ ᠢ ᠬᠥᠭᠵᠢᠭᠦᠯᠬᠦ ᠵᠡᠷᠭᠡ | ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ | | | ᠭᠠᠭ᠋ᠠᠶᠢᠲᠤ ᠭᠠᠴᠠᠭ᠎ᠠ ᠶᠢᠨ ᠲᠦᠮᠡᠨ ᠮᠦ ᠣᠨᠴᠠᠯᠢᠭᠲᠤ ᠡᠷᠳᠡᠨᠢ ᠰᠢᠰᠢ ᠲᠡᠷᠢᠮᠠᠯ ᠤᠨ ᠭᠠᠵᠠᠷ ᠲᠤ ᠯᠢᠦ ᠰᠢ ᠯᠢᠨ | ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠣᠨᠴᠠᠯᠢᠭᠲᠤ ᠡᠷᠳᠡᠨᠢ ᠰᠢᠰᠢ ᠶᠢᠨ ᠦᠷ᠎ᠡ᠂ ᠭᠠᠷᠤᠯᠲᠠ ᠶᠢᠨ | ᠬᠡᠮᠵᠢᠶ᠎ᠡ᠂ ᠵᠠᠬ᠎ᠠ ᠳᠡᠯᠭᠡᠭᠦᠷ ᠤᠨ ᠦᠨ᠎ᠡ ᠬᠠᠩᠰᠢ᠂ ᠪᠣᠷᠤᠯᠠᠭᠤᠯᠭ᠎ᠠ ᠶᠢᠨ ᠠᠷᠭ᠎ᠠ ᠵᠠᠮ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠦᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠭᠰᠠᠨ ᠪᠥᠭᠡᠳ ᠲᠡᠵᠢᠭᠡᠪᠦᠷᠢ ᠶᠢᠨ ᠡᠷᠦᠬᠡ ᠳᠤ | ᠬᠦᠷᠴᠦ᠂ ᠣᠳᠣᠬᠠᠨ ᠤ ᠲᠡᠵᠢᠭᠡᠪᠦᠷᠢ ᠶᠢᠨ ᠬᠡᠪᠴᠢᠶ᠎ᠡ᠂ ᠡᠭᠦᠯᠳᠡᠷ ᠰᠠᠶᠢᠵᠢᠷᠠᠭᠤᠯᠬᠤ᠂ ᠡᠪᠡᠳᠴᠢᠨ ᠡᠮᠭᠡᠭ ᠢ | ᠤᠷᠢᠳᠴᠢᠯᠠᠨ ᠰᠡᠷᠭᠡᠶᠢᠯᠡᠬᠦ᠂ ᠵᠠᠬ᠎ᠠ ᠳᠡᠯᠭᠡᠭᠦᠷ ᠤᠨ ᠦᠷ᠎ᠡ ᠠᠰᠢᠭ ᠵᠡᠷᠭᠡ ᠪᠠᠶᠢᠳᠠᠯ ᠢ ᠣᠶᠢᠯᠠᠭᠠᠪᠠ᠃ | | | ᠯᠢᠦ ᠰᠢ ᠯᠢᠨ ᠴᠢᠬᠤᠯᠠᠴᠢᠯᠠᠭᠰᠠᠨ ᠨᠢ᠂ ᠠᠵᠠ ᠲᠣᠬᠢᠶᠠᠯ ᠢ ᠠᠮᠵᠢᠵᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ | ᠬᠥᠭᠵᠢᠯᠲᠡ ᠶᠢᠨ ᠰᠡᠳᠬᠢᠴᠡ ᠪᠠᠨ ᠥᠷᠭᠡᠳᠬᠡᠵᠦ᠂ ᠰᠢᠯᠢᠳᠡᠭ ᠡᠭᠦᠯᠳᠡᠷ ᠢ ᠲᠠᠰᠤᠷᠠᠯᠲᠠ ᠦᠭᠡᠢ ᠪᠣᠶᠢᠵᠢᠭᠤᠯᠵᠤ᠂ | ᠮᠡᠷᠭᠡᠵᠢᠯ ᠤᠨ ᠵᠢᠯᠣᠭᠤᠳᠤᠯᠭ᠎ᠠ ᠪᠠ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠦᠬᠡᠷ ᠤᠨ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠨ ᠠᠬᠢᠭᠤᠯᠵᠤ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠣᠰᠬᠤᠨ ᠤ | ᠪᠠᠶᠢᠳᠠᠯ ᠳᠠᠭᠠᠨ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠣᠨᠴᠠᠯᠢᠭᠲᠤ ᠡᠷᠳᠡᠨᠢ ᠰᠢᠰᠢ᠂ ᠬᠢᠲᠠᠳ | ᠡᠪᠡᠰᠦᠨ ᠡᠮ ᠤᠨ ᠮᠠᠲ᠋ᠧᠷᠢᠶᠠᠯ ᠵᠡᠷᠭᠡ ᠲᠠᠷᠢᠮᠠᠯ ᠤᠨ ᠦᠢᠯᠡᠰ ᠢ ᠶᠡᠬᠡᠪᠡᠷ ᠬᠥᠭᠵᠢᠭᠦᠯᠦᠨ᠂ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠥᠭᠵᠢᠭᠦᠯᠵᠦ᠂ ᠰᠢᠯᠢᠳᠡᠭ ᠦᠷ᠎ᠡ ᠶᠢ ᠪᠣᠶᠢᠵᠢᠭᠤᠯᠤᠨ | ᠳᠡᠯᠭᠡᠷᠡᠭᠦᠯᠵᠦ᠂ ᠳᠠᠷᠢᠬᠤ ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠲᠤᠬᠠᠢ ᠶᠢᠨ ᠭᠠᠵᠠᠷ ᠤᠨ ᠣᠲᠣ ᠶᠢᠨ ᠪᠠᠶᠢᠭ᠎ᠠ ᠡᠬᠢ ᠪᠠᠶᠠᠯᠢᠭ ᠲᠠᠢ ᠪᠠᠨ ᠤᠶᠠᠯᠳᠤᠭᠤᠯᠵᠤ᠂ ᠭᠦᠨᠵᠡᠭᠡᠢ ᠡᠳ᠋ᠰᠢᠭᠦᠯᠬᠦ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠠᠷᠢᠯᠢᠭ ᠭᠦᠨᠵᠡᠭᠡᠢ ᠡᠳ᠋ᠰᠢᠭᠦᠯᠬᠦ ᠬᠡᠯᠬᠢᠶ᠎ᠡ ᠶᠢ ᠤᠷᠲᠤᠳᠬᠠᠨ | ᠥᠷᠭᠡᠳᠬᠡᠵᠦ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠠᠷᠠᠲᠤ ᠲᠥᠷᠥᠯ ᠲᠡᠮᠳᠡᠭᠲᠦ ᠶᠢ | ᠡᠭᠦᠳᠴᠦ᠂ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠪᠡ᠃ | | | |