| 8 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠴᠢᠦ᠋ᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ | ᠵᠠᠷᠤᠳ ᠬᠤᠰᠢᠭᠤᠨ ᠳᠤ ᠢᠷᠡᠵᠦ᠂ 2022 ᠣᠨ ᠤ ᠣᠷᠴᠢᠨ ᠠᠬᠤᠢ ᠶᠢᠨ ᠪᠠᠶᠢᠳᠠᠯ ᠪᠠ ᠣᠷᠴᠢᠨ ᠠᠬᠤᠢ ᠶᠢᠨ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠲᠤᠰᠬᠠᠢ ᠪᠠᠶᠢᠴᠠᠭᠠᠨ ᠰᠤᠳᠤᠯᠤᠯᠲᠠ | ᠥᠷᠨᠢᠭᠦᠯᠦᠭᠰᠡᠨ ᠪᠥᠭᠡᠳ ︽ᠲᠦᠩᠯᠢᠶᠣᠣ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠳᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠣᠬᠠᠢ ᠬᠠᠤᠯᠢ ᠬᠡᠷᠡᠭᠵᠢᠭᠦᠯᠦᠯᠲᠡ ᠳᠤ | ᠪᠠᠶᠢᠴᠠᠭᠠᠯᠲᠠ ᠬᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠡᠬᠢ ᠪᠠᠶᠠᠯᠢᠭ ᠤᠨ | ᠠᠵᠢᠯ ᠤᠨ ᠵᠥᠪᠯᠡᠯ ᠤᠨ ᠡᠷᠬᠢᠯᠡᠭᠴᠢ ᠹᠦ᠋ ᠷᠦᠢ ᠾᠧᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ᠂ ᠳᠡᠳ᠋ ᠡᠷᠬᠢᠯᠡᠭᠴᠢ ᠵᠠᠩ ᠶᠦᠩ ᠴᠢᠶᠠᠩ᠂ | ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠵᠢᠴᠢ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠠᠷᠤᠳ ᠬᠤᠰᠢᠭᠤᠨ ᠤ ᠬᠤᠸᠠ ᠶᠤᠸᠠᠨ | ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠬᠢᠮᠢ ᠶᠢᠨ ︵ | ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠺᠠᠩ ᠨᠠᠢ ᠡᠯ ᠤᠨ 30 | ᠲᠦᠮᠡᠨ ᠲᠣᠨ ᠡᠲ᠋ᠢᠯ ᠬᠤᠶᠠᠷᠴᠢ ᠠᠯᠺᠣᠣᠯ ᠤᠨ ᠲᠥᠷᠥᠯ ᠵᠦᠢᠯ ᠤᠨ ᠠᠬᠤᠢ ᠲᠠᠯᠠᠪᠠᠶ ᠳᠤ ᠬᠦᠷᠴᠦ᠂ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠥᠬᠦ | ᠬᠤᠰᠢᠭᠤᠨ ᠤ 2022 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠬᠢᠭᠡᠳ ︽ᠲᠦᠩᠯᠢᠶᠣᠣ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠳᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠭᠤᠣᠯ | ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃ | ᠸᠠᠩ ᠴᠢᠦ᠋ᠩ ᠵᠢᠭᠠᠪᠣᠷᠢᠯᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠪᠣᠯ ᠤᠯᠤᠰ | ᠲᠦᠷᠦ ᠶᠢᠨ ᠡᠭᠦᠷᠭᠡ ᠪᠣᠯᠬᠤ ᠮᠥᠷᠲᠡᠭᠡᠨ ᠪᠠᠰᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠡᠷᠬᠡᠪᠰᠢ | ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠳᠣᠯᠣᠯᠲᠠ ᠶᠢᠨ ᠳᠠᠶᠢᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠳᠤ ᠲᠠᠰᠤᠷᠠᠯᠳᠡ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ︔ | ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠬᠡ ᠠᠭᠤᠯᠠ ᠬᠥᠬᠡᠮᠳᠦᠭ ᠤᠰᠤ | ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠳᠤᠮᠳᠠ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠤᠯᠠᠨ ᠲᠠᠯ᠎ᠠ ᠪᠠᠷ | ᠬᠤᠯᠪᠣᠭᠠᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ | ᠰᠠᠶᠢᠲᠤᠷ ᠵᠠᠰᠠᠵᠤ᠂ ᠰᠠᠶᠢᠲᠤᠷ ᠬᠠᠮᠠᠭᠠᠯᠠᠵᠤ᠂ ᠤᠯᠠᠨ ᠲᠦᠮᠡᠨ ᠳᠤ ᠬᠠᠮᠤᠭ ᠤᠨ ᠲᠦᠭᠡᠮᠡᠯ ᠠᠰᠢᠭ ᠬᠦᠷᠲᠡᠭᠡᠵᠦ | ᠠᠷᠠᠳ ᠲᠤ ᠪᠤᠶᠠᠨ ᠵᠢᠷᠭᠠᠯ ᠢ ᠡᠳ᠋ᠯᠡᠭᠦᠯᠬᠦ ᠬᠡᠷᠡᠭᠲᠡᠢ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠡᠭᠦᠷᠭᠡᠯᠡᠬᠦ᠂ | ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ | ᠶᠡᠭᠡ ᠣᠷᠴᠢᠨ ᠲᠣᠭᠤᠷᠢᠨ ᠢ ᠬᠠᠮᠠᠭᠠᠯᠠᠬᠤ︾ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ | ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠠᠮᠢ ᠠᠬᠤᠢ | ᠣᠷᠴᠢᠨ ᠲᠣᠭᠤᠷᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠠᠮᠢ ᠠᠬᠤᠢ ᠶᠢᠨ ᠣᠷᠴᠢᠨ ᠲᠣᠭᠤᠷᠢᠨ ᠤ | ᠬᠠᠮᠢᠶᠠᠷᠤᠯᠲᠠ ᠶᠢᠨ ᠲᠦᠪᠰᠢᠨ ᠢᠶᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ᠂ ᠬᠥᠮᠦᠵᠢᠯ ᠤᠬᠠᠭᠤᠯᠭ᠎ᠠ ᠶᠢ ᠴᠢᠩᠭᠠᠳᠬᠠᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ | ᠠᠬᠢᠭᠤᠯᠬᠤ ᠬᠡᠷᠡᠭᠲᠡᠢ ᠭᠡᠪᠡ᠃ | | | |