ᠵᠠᠷᠤᠳ ᠬᠤᠰᠢᠭᠤᠨ ᠤ ︽ᠡᠭᠦᠯᠡᠨᠴᠢ ᠴᠣᠩᠬᠤᠪᠴᠢ︾ ᠶᠢᠨ ᠠᠯᠤᠰ ᠡᠵᠡᠮᠰᠢᠯᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠪᠥᠬᠦ ᠬᠤᠲᠠ ᠪᠠᠷ ᠢᠶᠠᠨ ᠬᠠᠭᠤᠯᠪᠤᠷᠢᠯᠠᠨ ᠳᠡᠯᠭᠡᠷᠡᠭᠦᠯᠪᠡ
ᠨᠡᠶᠢᠲᠡᠯᠡᠭᠰᠡᠨ ᠴᠠᠭ᠄
2023/8/25
    ᠣᠶᠢᠷ᠎ᠠ ᠳᠤ᠂ ᠬᠤᠲᠠ ᠶᠢᠨ ᠬᠤᠳᠠᠯᠳᠤᠭ᠎ᠠ ᠡᠵᠡᠩᠨᠡᠬᠦ ᠠᠯᠪᠠᠨ ᠭᠡᠷ ︽ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠭᠰᠡᠨ ᠰᠢᠨ᠎ᠡ ᠶᠢ ᠡᠭᠦᠳᠬᠦ ᠠᠷᠭ᠎ᠠ ᠬᠢᠳᠡᠯ ᠢ ᠲᠡᠷᠡ ᠬᠡᠪ ᠢᠶᠠᠷ ᠨᠢ ᠳᠡᠯᠭᠡᠷᠡᠭᠦᠯᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 2023 ᠣᠨ ᠤ ᠲᠦᠷᠦᠭᠦᠸ ᠪᠦᠯᠦᠭ ᠤᠨ ᠲᠤᠯᠤᠭᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ  ᠰᠢᠯᠢᠳᠡᠭᠵᠢᠭᠦᠯᠦᠭᠰᠡᠨ ᠠᠵᠢᠯ ᠤᠨ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠨᠡᠶᠢᠲᠡᠯᠡᠨ ᠳᠡᠯᠭᠡᠷᠡᠭᠦᠯᠪᠡ᠂ ᠡᠭᠦᠨ ᠳᠤ᠂ ᠵᠠᠷᠤᠳ ᠬᠤᠰᠢᠭᠤᠨ ᠤ ︽ᠡᠭᠦᠯᠡᠨᠴᠢ ᠴᠣᠩᠬᠤᠪᠴᠢ︾ ᠶᠢᠨ ᠠᠯᠤᠰ ᠡᠵᠡᠮᠰᠢᠯᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠨᠡᠶᠢᠲᠡᠯᠢᠭ ᠲᠤᠷᠰᠢᠯᠭ᠎ᠠ ᠶᠢᠨ ᠬᠤᠪᠢ ᠪᠠᠷ ᠪᠥᠬᠦ ᠬᠤᠲᠠ ᠳᠤ ᠲᠡᠷᠡ ᠬᠡᠪ ᠢᠶᠠᠷ ᠨᠢ ᠳᠡᠯᠭᠡᠷᠡᠭᠦᠯᠪᠡ᠃
c568875ae4599b672e80bdedeff8600.jpg
    ︽ ᠡᠭᠦᠯᠡᠨᠴᠢ ᠴᠣᠩᠬᠤᠪᠴᠢ︾ ᠶᠢᠨ ᠠᠯᠤᠰ ᠡᠵᠡᠮᠰᠢᠯᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠪᠣᠯ ᠨᠢᠭᠡ ᠵᠦᠢᠯ ᠤᠨ ᠥᠷᠭᠡᠨ ᠣᠯᠠᠨ ᠠᠵᠤ ᠠᠬᠤᠶᠢᠯᠠᠯ᠂ ᠣᠯᠠᠨ ᠲᠦᠮᠡᠨ᠂ ᠪᠤᠶᠢᠳᠠ ᠪᠥᠭᠯᠡᠭᠦᠦ ᠭᠠᠵᠠᠷ ᠣᠷᠣᠨ ᠤ ᠮᠠᠯᠴᠢᠨ ᠲᠠᠷᠢᠶᠠᠴᠢᠨ ᠵᠢᠴᠢ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠱᠠᠲᠤᠨ ᠤ ᠬᠠᠪᠰᠤᠷᠤᠨ ᠭᠦᠢᠴᠡᠳᠭᠡᠭᠴᠢ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠯᠤᠰ ᠡᠵᠡᠮᠰᠢᠯᠲᠤ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ︽ᠲᠤᠭ᠎ᠠ ᠪᠠᠷᠢᠮᠲᠠ ᠶᠢ ᠭᠦᠶᠦᠯᠭᠡᠬᠦ︾ ᠪᠠᠷ ︽ᠣᠯᠠᠨ ᠲᠦᠮᠡᠨ ᠭᠦᠶᠦᠬᠦ︾ ᠶᠢ ᠣᠷᠣᠯᠠᠭᠤᠯᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃    ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠬᠤᠰᠢᠭᠤᠨ ᠲᠠᠰ ᠤᠨ ᠡᠭᠦᠯᠡᠨᠴᠢ ᠬᠠᠪᠰᠣᠷᠣᠨ ᠭᠦᠢᠴᠡᠳᠭᠡᠬᠦ ᠣᠷᠣᠯᠠᠨ ᠭᠦᠢᠴᠡᠳᠬᠡᠬᠦ ᠲᠤᠰᠬᠠᠢ ᠠᠵᠢᠯ ᠤᠨ ᠳᠤᠭᠤᠶᠢᠯᠠᠩ ᠬᠢᠨ ᠨᠡᠶᠢᠲᠡ 680 ᠭᠠᠷᠤᠢ ᠠᠰᠠᠭᠤᠨ ᠯᠠᠪᠯᠠᠬᠤ ᠤᠲᠠᠰᠤ ᠶᠢ ᠭᠥᠯᠢᠶᠡᠨ ᠠᠪᠴᠤ᠂ ᠡᠯ᠎ᠡ ᠲᠥᠷᠥᠯ ᠤᠨ ᠬᠡᠷᠡᠭ ᠶᠠᠪᠤᠳᠠᠯ ᠢ 296 ᠬᠤᠪᠢ ᠤᠳᠠᠭ᠎ᠠ ᠭᠦᠢᠴᠡᠳᠬᠡᠵᠦ᠂ 45 ᠬᠤᠪᠢ ᠤᠳᠠᠭ᠎ᠠ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠶᠢ ᠬᠠᠩᠭᠠᠵᠤ᠂ ᠣᠯᠠᠨ ᠲᠦᠮᠡᠨ ᠤ ᠬᠡᠷᠡᠭ ᠶᠠᠪᠤᠳᠠᠯ ᠰᠢᠢᠳᠪᠦᠷᠢᠯᠡᠬᠦ ᠳᠤ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ︾ 15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠭᠰᠠᠨ ᠪᠠᠶᠢᠨ᠎ᠠ᠃
2a11bed7dd00e7a3a8f5df110a8f550.jpg
    ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠬᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠢᠮᠠᠭᠲᠠ ᠪᠠᠷᠢᠮᠲᠠᠯᠠᠵᠤ᠂ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠦᠴᠦ ᠲᠠᠯᠪᠢᠵᠤ ᠂ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠨᠡᠩ ᠤᠯᠠᠨ ᠰᠠᠶᠢᠨ ᠲᠤᠷᠰᠢᠯᠭ᠎ᠠ ᠪᠣᠯᠣᠨ ᠰᠠᠶᠢᠨ ᠠᠷᠭ᠎ᠠ ᠶᠢ ᠪᠦᠷᠢᠯᠳᠦᠭᠦᠯᠪᠡ᠃ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠢᠭᠡᠴᠡ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠶᠢ ᠡᠭᠦᠳᠴᠦ᠂ ᠣᠯᠠᠨ ᠲᠠᠯ᠎ᠠ ᠪᠠᠷ ᠰᠢᠯᠢᠳᠡᠭ ᠪᠣᠯᠬᠤ ᠪᠠᠷ ᠴᠢᠷᠮᠠᠶᠢᠨ ᠪᠡᠶᠡᠯᠡᠭᠦᠯᠵᠦ᠂ ᠨᠢᠭᠡᠨᠲᠡ ᠪᠦᠬᠦ ᠣᠷᠣᠨ ᠳᠤ ᠡᠩ ᠲᠡᠷᠢᠭᠦᠨ ᠳᠤ ︽ᠪᠦᠬᠦᠨ ᠳᠤ ᠲᠣᠬᠢᠷᠠᠬᠤ ᠺᠠᠷᠲ︾ ᠤᠨ ᠳᠠᠩᠰᠠᠨ ᠡᠷᠦᠬᠡ ᠶᠢᠨ ᠬᠠᠮᠢᠶᠠᠷᠤᠯᠲᠠ ᠶᠢᠨ ᠵᠦᠢᠯᠡᠰ ᠢ ᠪᠦᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠭᠡᠬᠦ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠲᠥᠪᠯᠡᠷᠡᠭᠦᠯᠦᠨ ᠪᠠᠶᠢᠭᠤᠯᠵᠤ᠂ ᠪᠦᠬᠦ ᠣᠷᠣᠨ ᠳᠤ ᠢᠲᠡᠭᠡᠮᠵᠢ ᠶᠢᠨ ᠲᠤᠭ᠎ᠠ ᠪᠠᠷᠢᠮᠲᠠ ᠪᠣᠯᠣᠨ ᠵᠠᠰᠠᠭ ᠤᠨ ᠶᠠᠪᠤᠳᠠᠯ ᠤᠨ ᠬᠡᠷᠡᠭᠯᠡᠭᠡ ᠶᠢ ᠵᠠᠪᠰᠠᠷ ᠦᠭᠡᠢ ᠵᠣᠯᠭᠠᠭᠤᠯᠤᠨ ᠥᠪᠡᠷᠲᠡᠭᠡᠨ ᠵᠠᠰᠠᠬᠤ ᠣᠷᠣᠨ ᠤ ᠳᠡᠰ ᠤᠨ 2 ᠬᠢᠯᠠᠰ ᠴᠡᠭᠲᠦ ᠠᠵᠢᠯ ᠢ ᠤᠷᠢᠳᠠᠪᠠᠷ ᠪᠡᠶᠡᠯᠡᠭᠦᠯᠵᠦ᠂ ᠬᠤᠲᠠ ᠬᠤᠰᠢᠭᠤ ᠬᠤᠯᠪᠤᠭᠠᠯᠠᠨ ᠬᠥᠳᠡᠯᠦᠯᠴᠡᠬᠦ᠂ ᠵᠠᠰᠠᠭ ᠤᠨ ᠣᠷᠳᠣᠨ ᠪᠠ ᠬᠦᠷᠢᠶᠡᠯᠡᠩ ᠬᠤᠯᠪᠤᠭᠠᠯᠠᠨ ᠬᠥᠳᠡᠯᠦᠯᠴᠡᠬᠦ᠂ ᠵᠠᠰᠠᠭ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ ᠶᠢ ᠠᠮᠵᠢᠯᠲᠠ ᠲᠠᠢ ᠲᠦᠯᠬᠢᠨ ᠠᠬᠢᠭᠤᠯᠬᠤ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠡᠬᠢᠯᠡᠭᠦᠯᠵᠦ᠂ ︽ᠡᠭᠦᠯᠡᠨᠴᠢ ᠴᠣᠩᠬᠤᠪᠴᠢ︾ ᠶᠢᠨ ᠠᠯᠤᠰ ᠡᠵᠡᠮᠰᠢᠯᠲᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠢᠨ᠎ᠡ ᠲᠣᠭᠲᠠᠴᠠ ᠶᠢ ᠰᠦᠪᠡᠭᠴᠢᠯᠡᠨ ᠭᠠᠷᠭᠠᠵᠤ᠂ ᠠᠦ᠋ᠲ᠋ᠣ᠋  ᠦᠢᠯᠡᠴᠢᠯᠡᠭᠡ ᠲᠤᠰᠬᠠᠢ ᠣᠷᠣᠨ ᠪᠠᠶᠢᠭᠤᠯᠬᠤ ᠶᠢ ᠬᠡᠷᠡᠭᠵᠢᠭᠦᠯᠦᠨ᠂ ᠥᠯᠥ ᠬᠥᠳᠡᠯᠬᠦ ᠬᠥᠷᠥᠩᠭᠡ ᠶᠢ ᠥᠨᠳᠥᠷ ᠳᠠᠪᠲᠠᠮᠵᠢ ᠪᠠᠷ ᠳᠠᠩᠰᠠᠯᠠᠬᠤ ᠪᠥᠬᠦ ᠶᠠᠪᠤᠴᠠ ᠶᠢ ᠥᠪᠡᠰᠦᠪᠡᠨ ᠭᠦᠢᠴᠡᠳᠬᠡᠬᠦ ᠶᠢ ᠪᠡᠶᠡᠯᠡᠭᠦᠯᠵᠦ᠂ ︽ᠬᠠᠤᠯᠢ ᠶᠢᠨ ᠲᠤᠰᠢᠶᠠᠯᠲᠠᠨ ᠤ ᠠᠰᠠᠭᠤᠨ ᠯᠠᠪᠯᠠᠬᠤ ᠲᠠᠰᠤᠭ︾ ᠤᠨ ᠦᠢᠯᠡᠴᠢᠯᠡᠭᠡᠨ ᠤ ᠵᠠᠭᠪᠤᠷ ᠵᠡᠷᠭᠡ 5 ᠬᠤᠲᠠ ᠶᠢᠨ ᠲᠠᠰ ᠤᠨ ᠬᠢᠯᠠᠰ ᠴᠡᠭᠲᠦ ᠠᠵᠢᠯ ᠢ ᠰᠢᠨ᠎ᠡ ᠪᠠᠷ ᠬᠡᠷᠡᠭᠵᠢᠭᠦᠯᠪᠡ᠃    ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠬᠢᠨ ᠬᠤᠲᠠ ᠶᠢᠨ ᠲᠠᠰ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠰᠢᠰᠲ᠋ᠧᠮ ᠢ ᠢᠳᠡᠪᠬᠢᠲᠡᠢ ᠬᠠᠷᠭᠤᠭᠤᠯᠵᠤ᠂ ᠪᠣᠳᠠᠲᠠᠢ ᠳᠤ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ᠂ ᠨᠠᠩ ᠣᠯᠠᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠲᠠᠭᠠᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ︽ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠰᠡᠯ ᠡᠷᠡᠮᠡᠯᠵᠡᠯ ᠲᠠᠢ ᠵᠣᠬᠢᠴᠠᠭᠤᠯᠣᠨ᠂ ᠠᠷᠠᠳ ᠣᠯᠠᠨ ᠤ ᠰᠡᠳᠬᠢᠯ ᠬᠠᠨᠤᠮᠵᠢᠲᠠᠶ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠪᠠᠷ ᠪᠤᠢ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号