ᠵᠠᠷᠤᠳ ᠬᠤᠰᠢᠭᠤ ᠣᠶ ᠰᠢᠭᠤᠢ ᠨᠣᠲᠤᠭ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/8/28
     8 ᠰᠠᠷ᠎ᠠ ᠶᠢᠨ 24 ᠤ ᠡᠳᠦᠷ᠂ ᠵᠠᠷᠤᠳ ᠬᠤᠰᠢᠭᠤ ᠣᠶ ᠰᠢᠭᠤᠢ ᠨᠣᠲᠤᠭ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠠᠨ ᠶᠠᠷᠢᠶ᠎ᠠ ᠲᠠᠯᠪᠢᠪᠠ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
d855de6923a942d27b244e2be4905e4.jpg
    ᠬᠤᠷᠠᠯ ᠠᠴᠠ ᠪᠥᠬᠦ ᠬᠤᠰᠢᠭᠤᠨ ᠤ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ   ᠠᠴᠠ ᠵᠥᠷᠢᠴᠡᠭᠰᠡᠨ ᠠᠰᠠᠭᠤᠳᠠᠯ  ᠢ ᠱᠠᠲᠤᠴᠢ ᠴᠢᠨᠠᠷᠲᠠᠢ ᠪᠠᠷ ᠪᠡᠶᠡᠯᠡᠭᠦᠯᠦᠭᠰᠡᠨ ᠬᠡᠷᠡᠭ ᠤᠨ ᠪᠣᠳᠠᠲᠠᠢ ᠪᠠᠶᠢᠳᠠᠯ ᠪᠣᠯᠣᠨ ᠪᠥᠬᠦ ᠬᠤᠰᠢᠭᠤᠨ ᠤ ᠠᠭᠤᠷᠬᠠᠢ ᠶᠢ ᠵᠠᠰᠠᠨ ᠰᠡᠷᠭᠦᠭᠡᠬᠦ ᠲᠥᠰᠥᠯ  ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ  ᠢ ᠪᠠᠶᠢᠷᠢᠯᠠᠭᠤᠯᠪᠠ᠃
4c92748328ade96cf88b7e5bdb07087.jpg
    ᠪᠦᠦ ᠸᠧᠨ ᠯᠠᠨ ᠴᠢᠬᠤᠯᠠᠴᠢᠯᠠᠭᠰᠠᠨ ᠨᠢ᠂ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠬᠠᠮᠠᠭᠠᠯᠠᠬᠤ ᠪᠣᠳᠠᠲᠠᠢ ᠠᠷᠭ᠎ᠠ ᠬᠡᠮᠵᠢᠶ᠎ᠡ ᠮᠦᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢᠶᠠᠷ ᠣᠶ ᠰᠢᠭᠤᠢ ᠨᠣᠲᠤᠭ ᠪᠡᠯᠴᠢᠭᠡᠷ ᠢ ᠲᠣᠰᠬᠠᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠂ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠳ᠋ᠤᠭᠠᠷ ᠬᠠᠰᠤᠬᠤ ᠠᠵᠢᠯ ᠢ ᠱᠠᠭᠠᠷᠳᠠᠯᠭ᠎ᠠ᠂ ᠴᠠᠭ ᠤᠨ ᠬᠢᠵᠠᠭᠠᠷ᠂ ᠪᠠᠷᠢᠮᠵᠢᠶ᠎ᠠ ᠶᠣᠰᠣᠭᠠᠷ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠠᠭ ᠬᠤᠭᠤᠴᠠᠭ᠎ᠠ ᠵᠠᠩᠭᠢᠯᠠᠭ᠎ᠠ ᠪᠠᠷ ᠣᠶ ᠰᠢᠭᠤᠢ ᠨᠣᠲᠤᠭ ᠪᠡᠯᠴᠢᠭᠡᠷ ᠤᠨ ᠬᠠᠤᠯᠢ  ᠠᠴᠠ ᠵᠥᠷᠢᠴᠡᠭᠰᠡᠨ ᠵᠢᠷᠤᠭ ᠳᠣᠯᠪᠤ ᠶᠢ ᠴᠡᠭᠴᠡᠯᠡᠨ ᠰᠠᠶᠢᠵᠢᠷᠠᠭᠤᠯᠬᠤ ᠶᠢ ᠲᠤᠶᠢᠯᠪᠤᠷᠢᠲᠠᠢ ᠴᠡᠪᠡᠷᠯᠡᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠦᠵᠡᠭᠳᠡᠯ ᠢ ᠪᠦᠲᠦᠮᠵᠢᠲᠡᠶ ᠬᠤᠷᠢᠭᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠬᠡ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠥᠳᠡᠯᠦᠯ ᠪᠠᠶᠢᠳᠠᠯ ᠢ ᠡᠵᠡᠮᠰᠢᠨ᠂ ︽ᠣᠭᠲᠣᠬᠠᠨ ᠴᠤ ᠠᠭᠤᠴᠢᠯᠠᠬᠤ ᠦᠭᠡᠢ︾ ᠣᠪᠣᠷ ᠪᠠ ᠡᠷᠡᠰ ᠵᠣᠷᠢᠭ ᠢᠶᠠᠷ ᠬᠦᠴᠢᠷ ᠢ ᠰᠥᠷᠦᠨ ᠤᠷᠤᠭᠰᠢᠯᠠᠵᠤ᠂ ᠣᠶ ᠰᠢᠭᠤᠢ ᠨᠣᠲᠤᠭ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃    ᠪᠦᠦ ᠸᠧᠨ ᠯᠠᠨ ᠱᠠᠭᠠᠷᠳᠠᠭᠰᠠᠨ ᠨᠢ᠂ ᠡᠯ᠎ᠡ ᠡᠭᠦᠷᠭᠡ ᠴᠢᠳᠠᠪᠬᠢ ᠳᠤ ᠰᠠᠯᠠᠭ᠎ᠠ ᠮᠥᠴᠢᠷ ᠬᠢᠨ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠭᠤᠷᠬᠠᠢ ᠶᠢᠨ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠱᠠᠭᠠᠷᠳᠠᠨ ᠪᠠᠶᠢᠴᠠᠭᠠᠬᠤ ᠪᠠᠨ ᠴᠢᠩᠭᠠᠳᠬᠠᠨ᠂ ᠰᠢᠪᠲᠤᠯᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠠᠬᠢᠴᠠ ᠪᠠᠨ ᠲᠦᠷᠭᠡᠳᠬᠡᠨ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠪᠠᠷᠢᠮᠵᠢᠶ᠎ᠠ ᠳᠤ ᠨᠡᠶᠢᠴᠡᠭᠦᠯᠦᠨ ᠵᠢᠱᠢᠶᠡᠴᠢ ᠲᠠᠢ ᠬᠠᠷᠢᠴᠠᠭᠤᠯᠣᠨ ᠠᠬᠢᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠪᠣᠲᠠᠲᠠᠢ ᠨᠠᠶᠢᠳᠠᠪᠤᠷᠢᠵᠢᠭᠤᠯᠤᠨ᠂ ᠠᠭᠤᠷᠬᠠᠢ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ᠨᠡᠩ ᠶᠡᠭᠡ ᠡᠷᠴᠢᠮ᠂ ᠨᠡᠩ ᠰᠢᠨ᠎ᠡ ᠠᠵᠢᠯ ᠤᠨ ᠰᠡᠳᠬᠢᠴᠡ᠂ ᠨᠡᠩ ᠰᠢᠨᠵᠢᠯᠡᠬᠦ ᠤᠬᠠᠭᠠᠨᠴᠢ ᠮᠡᠷᠭᠡᠵᠢᠯ ᠤᠨ ᠠᠷᠭ᠎ᠠ ᠪᠠᠷ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠳᠠᠯᠳᠠ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ᠠᠵᠢᠯ ᠤᠨ ᠰᠡᠳᠬᠢᠴᠡ ᠪᠠᠨ ᠲᠣᠳᠣᠷᠬᠠᠢ ᠪᠣᠯᠭᠠᠵᠤ᠂ ᠭᠤᠣᠯ ᠳᠡᠳ᠋ ᠤᠨ ᠬᠠᠷᠢᠴᠠᠭ᠎ᠠ ᠶᠢ ᠲᠣᠳᠣᠷᠬᠠᠢ ᠪᠣᠯᠭᠠᠵᠤ᠂ ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠵᠡᠷᠭᠡ ᠪᠢᠲᠡᠭᠦᠦ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠵᠤ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号