ᠶᠠᠩ ᠽᠢ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠪᠠᠶᠢᠴᠠᠭᠠᠨ ᠰᠣᠳᠣᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/8/28
     8 ᠰᠠᠷ᠎ᠠ ᠶᠢᠨ 24 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠤᠷᠢᠳ ᠬᠤᠵᠢᠳ ᠰᠢᠶᠠᠩᠱᠠᠨ ᠪᠠᠯᠭᠠᠰᠤᠨ ᠤ ᠵᠦᠩ ᠰᠢᠨ ᠲᠥᠨ ᠲᠣᠰᠬᠤᠨ ᠤ ᠬᠠᠮᠲᠤ ᠶᠢᠨ ᠲᠥᠬᠦᠭᠡᠷᠦᠮᠵᠢᠲᠦ ᠲᠠᠷᠢᠶᠠᠯᠠᠩ ᠤᠨ ᠲᠣᠮᠣ ᠬᠦᠯᠡᠮᠵᠢ᠂ ᠰᠢᠶᠠᠩᠱᠠᠨ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ  ᠦᠢᠯᠡᠴᠢᠯᠡᠬᠦ ᠲᠥᠪ᠂ ᠶᠦᠩ ᠯᠧ ᠲᠣᠰᠬᠤᠨ ᠤ ᠣᠨᠴᠠᠯᠢᠭᠲᠤ ᠭᠠᠩ ᠵᠢᠶᠦᠦ ᠳᠠᠷᠢᠬᠤ ᠰᠠᠭᠤᠷᠢᠨ ᠭᠠᠵᠠᠷ᠂ ᠰᠢᠶᠣᠣ ᠾᠧ ᠰᠢ ᠲᠣᠰᠬᠤᠨ ᠤ ᠠᠮᠤ ᠪᠤᠳᠠᠭ᠎ᠠ ᠪᠣᠯᠪᠠᠰᠤᠷᠠᠭᠤᠯᠬᠤ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠰᠢᠶᠠᠩᠱᠠᠨ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃
a8aa4144f1a377f7aa7fccc8e95f310.jpg
    ᠶᠠᠩ ᠽᠢ ᠴᠢᠶᠠᠩ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠲᠣᠮᠣ ᠪᠠᠯᠭᠠᠰᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠲᠣᠪᠤᠶᠢᠯᠭᠠᠨ᠂ ᠨᠠᠷᠠᠲᠤ ᠲᠡᠮᠳᠡᠭᠲᠦ ᠶᠢᠨ ᠴᠣᠭᠴᠠᠯᠠᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠶᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠡᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠠᠰᠢᠭ ᠲᠤᠰᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠠᠵᠤ ᠦᠢᠯᠡᠰ ᠤᠨ ᠨᠡᠮᠡᠯᠲᠡ ᠦᠷᠳᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠬᠦ ᠴᠡᠭ ᠪᠣᠯᠭᠠᠵᠤ᠂ ᠤᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠭᠦᠨᠵᠡᠭᠡᠢ ᠪᠢᠰᠢ᠂ ᠰᠢᠨ᠎ᠡ ᠶᠢ ᠡᠭᠦᠳᠬᠦ ᠠᠷᠭ᠎ᠠ ᠵᠠᠮ ᠤᠯᠠᠨ ᠪᠢᠰᠢ᠂ ᠮᠡᠷᠭᠡᠵᠢᠯ ᠤᠨ ᠲᠤᠷᠰᠢᠯᠭ᠎ᠠ ᠳᠤᠲᠠᠮᠠᠭ ᠵᠡᠷᠭᠡ ᠠᠰᠠᠭᠤᠳᠠᠯ ᠢ ᠤᠷᠢᠳᠠᠪᠠᠷ ᠰᠢᠢᠳᠪᠦᠷᠢᠯᠡᠵᠦ᠂  ᠵᠢᠱᠢᠶ᠎ᠡ ᠦᠵᠡᠭᠦᠯᠬᠦ᠂ ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠶᠤᠨ ᠴᠢᠳᠠᠯ ᠢᠶᠠᠨ ᠲᠥᠪᠯᠡᠷᠡᠭᠦᠯᠦᠨ ᠠᠵᠤ ᠦᠢᠯᠡᠰ ᠢ ᠠᠳᠬᠤᠵᠤ᠂ ᠠᠵᠤ ᠦᠢᠯᠡᠰ ᠤᠨ ᠬᠥᠭᠵᠢᠯᠲᠡ ᠪᠣᠯᠣᠨ ᠦᠨᠳᠦᠰᠦᠨ ᠱᠠᠲᠤᠨ ᠤ ᠵᠠᠰᠠᠯᠲᠠ ᠶᠢᠨ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠪᠡ᠃    ᠶᠠᠩ ᠽᠢ ᠴᠢᠶᠠᠩ ᠱᠠᠭᠠᠷᠳᠠᠭᠰᠠᠨ ᠨᠢ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠭᠤᠣᠯ ᠰᠠᠨᠠᠭ᠎ᠠ ᠪᠠᠨ ᠴᠠᠭ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠢᠯ ᠢ ᠡᠷᠬᠡ ᠲᠡᠭᠰᠢ᠂ ᠲᠥᠪ ᠭᠤᠣᠯᠴᠢ᠂ ᠢᠯᠡ ᠪᠠᠷ ᠠᠬᠢᠭᠤᠯᠬᠤ ᠶᠢ ᠪᠠᠷᠢᠮᠲᠠᠯᠠᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠠᠴᠠ ᠨᠢ ᠰᠡᠷᠭᠡᠶᠢᠯᠡᠨ ᠪᠠᠭᠠᠰᠬᠠᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠨᠴᠠᠯᠢᠭᠲᠤ ᠠᠵᠢᠯ ᠤᠨ ᠵᠠᠭᠪᠤᠷ ᠢ ᠰᠢᠯᠢᠳᠡᠭᠵᠢᠭᠦᠯᠦᠨ ᠠᠮᠢᠳᠤᠯᠢᠭ ᠢᠶᠠᠷ ᠬᠡᠷᠡᠭᠯᠡᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ᠂ ᠤᠯᠠᠨ ᠲᠦᠮᠡᠨ ᠤ ᠤᠴᠢᠷ ᠶᠠᠪᠤᠳᠠᠯ ᠢ ᠲᠣᠭᠠᠴᠢᠬᠤ ᠵᠡᠷᠭᠡ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠲᠤᠤᠱᠯᠠᠭᠤᠯᠵᠤ᠂ ᠵᠥᠷᠢᠴᠡᠯ ᠵᠠᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠴᠢᠳᠠᠪᠤᠷᠢ ᠪᠠ ᠦᠷ᠎ᠡ ᠪᠦᠲᠦᠮᠵᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠬᠡᠪ ᠵᠠᠭᠪᠤᠷ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号