ᠵᠠᠷᠤᠳ ᠬᠤᠰᠢᠭᠤᠨ ᠤ ᠡᠷᠳᠡᠨᠢ ᠰᠢᠰᠢ ᠰᠢᠷ᠎ᠠ ᠪᠤᠷᠴᠠᠭ ᠤᠨ ︽ᠨᠢᠭᠡ ᠰᠦᠷᠴᠢᠵᠦ ᠣᠯᠠᠨ ᠠᠬᠢᠭᠤᠯᠬᠤ︾ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠶᠢᠨ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/8/28
    8 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠡᠷᠳᠡᠨᠢ ᠰᠢᠰᠢ ᠰᠢᠷ᠎ᠠ ᠪᠤᠷᠴᠠᠭ ᠤᠨ ︽ᠨᠢᠭᠡ ᠰᠦᠷᠴᠢᠵᠦ ᠣᠯᠠᠨ ᠠᠬᠢᠭᠤᠯᠬᠤ︾ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠶᠢᠨ ᠠᠵᠢᠯ ᠢ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠬᠢᠨ ᠵᠢᠴᠢ ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
b13e3d31e0084e3b8bdb6ad7eec06ce9.jpg
    ᠼᠦᠢ ᠯᠧᠢ ᠯᠧᠢ ᠵᠢᠭᠠᠪᠣᠷᠢᠯᠠᠭᠰᠠᠨ ᠨᠢ᠂ ᠣᠳᠣᠬᠠᠨ ᠳᠤ ᠶᠠᠭ ᠰᠠᠶᠢᠬᠠᠨ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠤᠷᠭᠤᠯᠲᠠ᠂ ᠤᠨᠠᠯᠲᠠ ᠪᠦᠷᠢᠯᠳᠦᠭᠰᠡᠨ ᠰᠢᠵᠢᠷ ᠠᠯᠲᠠᠨ ᠴᠠᠭ ᠦᠶ᠎ᠡ ᠪᠣᠯᠣᠨ᠎ᠠ᠂ ︽ᠨᠢᠭᠡ ᠰᠦᠷᠴᠢᠵᠦ ᠣᠯᠠᠨ ᠠᠬᠢᠭᠤᠯᠬᠤ︾ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠪᠣᠯ ᠠᠮᠤ ᠪᠤᠳᠠᠭᠠᠨ ᠤ ᠦᠢᠯᠡᠳᠪᠦᠷᠢᠯᠡᠯ ᠢ ᠪᠠᠲᠤᠯᠠᠬᠤ ᠲᠤᠬᠠᠢ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠥᠨ ᠴᠦ ᠡᠷᠳᠡᠨᠢ ᠰᠢᠰᠢ ᠶᠢᠨ ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ ︽ᠰᠥᠨᠥᠭᠡᠬᠦ ᠪᠠᠶᠢᠯᠳᠤᠭᠠᠨ︾ ᠤ ᠢᠯᠠᠯᠲᠠ ᠶᠢ ᠡᠷᠡᠰ ᠲᠡᠮᠡᠴᠡᠨ ᠣᠯᠵᠤ᠂ ︽ᠬᠤᠷᠣᠬᠠᠢ ᠶᠢᠨ ᠠᠮᠠᠨ ᠠᠴᠠ ᠠᠮᠤ ᠪᠣᠳᠠᠭ᠎ᠠ ᠪᠤᠯᠢᠶᠠᠬᠤ︾ ᠶᠢ ᠪᠡᠶᠡᠯᠡᠭᠦᠯᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠨᠠᠩ ᠴᠤ ᠪᠥᠬᠦ ᠬᠤᠰᠢᠭᠤᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠤᠷᠢᠶᠠᠯᠲᠠ ᠶᠢ ᠲᠣᠭᠲᠠᠪᠤᠷᠢᠵᠢᠭᠤᠯᠤᠨ ᠡᠯᠪᠡᠭ ᠬᠤᠷᠢᠶᠠᠯᠲᠠ ᠣᠯᠬᠤ ᠶᠢᠨ ᠵᠠᠩᠭᠢᠯᠠᠭ᠎ᠠ ᠮᠥᠨ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠨᠢᠭᠡ ᠰᠦᠷᠴᠢᠵᠦ ᠤᠯᠠᠨ ᠠᠬᠢᠭᠤᠯᠬᠤ︾ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠨᠢᠭᠡ ᠰᠦᠷᠴᠢᠵᠦ ᠤᠯᠠᠨ ᠠᠬᠢᠭᠤᠯᠬᠤ︾ ᠶᠢ ᠨᠠᠮᠤᠷ ᠤᠨ ᠠᠮᠤ ᠪᠤᠳᠠᠭ᠎ᠠ ᠬᠤᠷᠢᠶᠠᠬᠤ ᠠᠴᠠ ᠡᠮᠦᠨᠡᠬᠢ ᠬᠠᠮᠤᠭ ᠤᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ     ᠼᠦᠢ ᠯᠧᠢ ᠯᠧᠢ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠨᠢᠭᠡ ᠰᠦᠷᠴᠢᠵᠦ ᠣᠯᠠᠨ ᠠᠬᠢᠭᠤᠯᠬᠤ︾ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠲᠠᠯᠠᠪᠠᠶ ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠦᠨᠡᠨᠬᠦ ᠴᠢᠩᠭᠠᠳᠬᠠᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠠᠵᠢᠯ ᠤᠨ ᠡᠭᠦᠷᠭᠡ ᠪᠠᠨ ᠭᠠᠴᠠᠭ᠎ᠠ ᠲᠣᠰᠬᠤᠨ ᠪᠠ ᠪᠣᠳᠠᠲᠠᠢ ᠬᠠᠷᠢᠭᠤᠴᠠᠯᠭᠠᠲᠠᠨ ᠳᠤ ᠬᠦᠷᠲᠡᠯ᠎ᠡ ᠨᠠᠷᠢᠯᠢᠭᠵᠢᠭᠤᠯᠤᠨ ᠬᠤᠪᠢᠶᠠᠵᠤ ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠢᠨ ᠮᠡᠷᠭᠡᠵᠢᠯ ᠤᠨ ᠠᠵᠢᠯᠲᠠᠨ ᠳᠣᠮᠢᠯᠠᠨ ᠮᠡᠷᠭᠡᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠬᠡᠵᠢᠶ᠎ᠡ ᠰᠦᠷᠴᠢᠬᠦ᠂ ᠶᠠᠭᠠᠬᠢᠵᠤ ᠰᠦᠷᠴᠢᠬᠦ᠂ ᠶᠠᠭᠤ ᠰᠦᠷᠴᠢᠬᠦ ᠵᠡᠷᠭᠡ ᠠᠵᠢᠯ ᠢ ᠣᠨᠣᠪᠴᠢᠲᠠᠶ ᠡᠵᠡᠮᠳᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨ ᠨᠢᠭᠲᠠ ᠬᠠᠮᠵᠢᠯᠴᠠᠨ᠂ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠡᠯᠡ ᠮᠥᠩᠭᠦ ᠪᠣᠯᠣᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠲᠤᠰᠠᠯᠠᠮᠵᠢ ᠶᠢᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠡᠵᠡᠮᠰᠢᠵᠦ᠂ ᠲᠤᠰᠠᠯᠠᠮᠵᠢ ᠶᠢᠨ ᠪᠡᠯᠡ ᠮᠥᠩᠭᠦ ᠶᠢ ᠬᠡᠷᠡᠭᠯᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠵᠠᠯᠠᠷᠠᠭᠤᠯᠵᠤ᠂ ᠬᠡᠷᠡᠭᠵᠢᠭᠦᠯᠦᠯᠲᠡ ᠶᠢ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠬᠠᠷᠠᠯᠲᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠨ ᠵᠢᠯᠤᠭᠤᠳᠴᠤ ᠬᠢᠨᠠᠨ ᠰᠢᠯᠭᠠᠬᠤ ᠶᠢ ᠰᠠᠶᠢᠲᠤᠷ ᠠᠳᠬᠤᠵᠤ᠂ ︽ᠨᠢᠭᠡ ᠰᠦᠷᠴᠢᠵᠦ ᠤᠯᠠᠨ ᠠᠬᠢᠭᠤᠯᠬᠤ︾ ᠠᠵᠢᠯ ᠢ ᠡᠮᠬᠢ ᠵᠢᠷᠤᠮ ᠲᠠᠢ ᠪᠥᠭᠡᠳ ᠬᠦᠴᠦᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠲᠤᠰᠬᠠᠢ ᠠᠩᠭᠢ ᠪᠠᠶᠢᠭᠤᠯᠣᠨ ᠠᠬᠢᠭᠤᠯᠵᠤ ᠂ ᠲᠤᠰᠬᠠᠢ ᠬᠥᠮᠥᠨ ᠳᠠᠭᠠᠵᠤ᠂ ᠲᠤᠰᠬᠠᠢ ᠵᠣᠭᠤᠰ ᠢ ᠲᠤᠰᠬᠠᠢ ᠬᠡᠷᠡᠭᠯᠡᠨ᠂ ᠪᠡᠯᠡ ᠮᠦᠩᠬᠦ ᠶᠢᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠰᠦᠷᠴᠢᠨ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠴᠢᠨᠠᠷ ᠴᠢᠨᠰᠠᠭ᠎ᠠ ᠶᠢ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠵᠦ᠂ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃     ᠼᠦᠢ ᠯᠧᠢ ᠯᠧᠢ ᠱᠠᠭᠠᠷᠳᠠᠭᠰᠠᠨ ᠨᠢ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠦᠨᠳᠦᠰᠦᠨ ᠱᠠᠲᠤᠨ ᠤ ᠺᠠᠳ᠋ᠷᠴᠤᠳ ᠣᠨᠴᠠᠭᠠᠶᠢᠯᠠᠨ ᠭᠠᠴᠠᠭ᠎ᠠ ᠲᠣᠰᠬᠤᠨ ᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠬᠠᠷᠠᠯᠲᠠ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠲᠣᠬᠢᠲᠠᠢ ᠰᠠᠶᠢᠲᠤᠷ ᠰᠢᠢᠳᠪᠦᠷᠢᠯᠡᠵᠦ᠂ ᠡᠮᠦᠨᠡᠬᠢ ᠬᠤᠭᠤᠴᠠᠭᠠᠨ ᠤ ᠰᠦᠷᠴᠢᠬᠦ ᠠᠵᠢᠯ ᠤᠨ ᠳᠡᠮᠵᠢᠯᠭᠡ ᠪᠠᠷ ᠳᠤᠲᠠᠮᠠᠭ᠂ ᠬᠡᠷᠡᠭᠵᠢᠭᠦᠯᠬᠦ ᠬᠡᠪᠴᠢᠶ᠎ᠡ ᠪᠠ ᠪᠠᠷᠢᠮᠵᠢᠶ᠎ᠠ ᠠᠳᠠᠯᠢ ᠪᠤᠰᠤ ᠠᠴᠠ ᠪᠣᠯᠤᠭᠰᠠᠨ ᠵᠥᠷᠢᠴᠡᠯ ᠠᠴᠠ ᠡᠷᠡᠰ ᠵᠠᠶᠢᠯᠠᠰᠬᠢᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠠᠶᠤᠯᠭᠦᠢ ᠦᠢᠯᠡᠳᠪᠦᠷᠢᠯᠡᠯ ᠢ ᠦᠨᠡᠨᠬᠦ ᠴᠢᠩᠭᠠᠳᠬᠠᠵᠤ᠂ ᠲᠠᠷᠢᠶᠠᠨ ᠡᠮ ᠢ ᠠᠶᠤᠯᠭᠦᠢ ᠬᠡᠷᠡᠭᠯᠡᠬᠦ ᠮᠡᠷᠭᠡᠵᠢᠯ᠂ ᠡᠮ ᠬᠡᠷᠡᠭᠯᠡᠬᠦ ᠠᠵᠢᠯ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢᠨ ᠪᠣᠯᠪᠠᠰᠤᠷᠠᠯ ᠢ ᠴᠢᠬᠤᠯᠠᠴᠢᠯᠠᠵᠤ᠂ ᠬᠥᠮᠥᠨ ᠮᠠᠯ ᠬᠤᠣᠷᠳᠠᠭᠳᠠᠬᠤ ᠪᠠ ᠡᠮ ᠤᠨ ᠬᠤᠣᠷᠳᠠᠯ ᠤᠨ ᠠᠳᠡᠯ ᠭᠠᠷᠬᠤ ᠠᠴᠠ ᠵᠠᠶᠢᠯᠠᠰᠬᠢᠵᠦ᠂ ᠤᠷᠭᠤᠮᠠᠯ ᠢ ᠬᠠᠮᠠᠭᠠᠯᠠᠬᠤ ᠵᠢᠯᠣᠭᠤᠴᠢ ᠦᠭᠡᠢ ᠨᠢᠰᠬᠡᠯ᠂ ᠲᠠᠷᠢᠶᠠᠯᠠᠩ ᠳᠤ ᠬᠡᠷᠡᠭᠯᠡᠬᠦ ᠨᠢᠰᠬᠡᠯ ᠵᠡᠷᠭᠡ ᠶᠢᠨ ᠠᠵᠢᠯᠯᠠᠭᠠᠨ ᠤ ᠵᠢᠷᠤᠮᠵᠢᠯ ᠲᠠᠢ ᠪᠣᠯᠪᠠᠰᠤᠷᠠᠯ ᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃    ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ 2023 ᠣᠨ ᠤ ᠡᠷᠳᠡᠨᠢ ᠰᠢᠰᠢ ᠰᠢᠷ᠎ᠠ ᠪᠤᠷᠴᠠᠭ ᠤᠨ ︽ᠨᠢᠭᠡ ᠰᠦᠷᠴᠢᠵᠦ ᠣᠯᠠᠨ ᠠᠬᠢᠭᠤᠯᠬᠤ︾ ᠠᠵᠢᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号