8 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠳ᠋ᠠᠯᠢᠶᠠᠨ ᠤ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠭᠤᠸ ᠶᠠᠨ᠂ ᠵᠥᠩ ᠺᠧ | ᠠᠭ᠎ᠠ ᠶᠢᠨ ᠠᠯᠳᠧᠭᠢᠳ᠋ ᠤᠨ ︵ᠯᠢᠶᠣᠤᠨᠢᠩ︶ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠢ ᠳᠠᠭᠠᠭᠠᠮᠠᠯ ᠴᠧᠨ ᠷᠦᠢ ᠺᠦᠢ᠂ ᠥᠪᠥᠷ ᠮᠣᠩᠭᠤᠯ ᠤᠨ ᠶᠤᠸᠠᠨ ᠹᠧᠩ ᠠᠮᠢᠳᠤ ᠪᠣᠳᠠᠰ ᠤᠨ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠤᠸᠠᠨ ᠵᠧᠨ ᠵᠢᠶᠠᠩ ᠨᠠᠷ ᠲᠠᠢ | ᠵᠣᠯᠭᠠᠭᠤᠯᠤᠨ ᠵᠦᠪᠳᠡᠯᠴᠡᠬᠦ ᠬᠤᠷᠠᠯ ᠬᠢᠪᠡ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠨᠠᠷᠢᠯᠢᠭ ᠬᠢᠮᠢ ᠶᠢᠨ | ᠠᠵᠤ ᠦᠢᠯᠡᠳᠪᠦᠷᠢ ᠶᠢᠨ ᠬᠦᠷᠢᠶᠡᠨ ᠤ ᠰᠢᠨᠵᠢᠯᠡᠬᠦ ᠤᠬᠠᠭᠠᠨᠴᠢ ᠪᠠᠷ ᠰᠢᠨ᠎ᠡ ᠶᠢ ᠡᠭᠦᠳᠬᠦ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠪᠦᠲᠦᠭᠡᠭᠳᠡᠬᠦᠨ ᠢ ᠣᠨᠴᠠᠯᠢᠬᠵᠢᠭᠤᠯᠬᠤ᠂ ᠨᠠᠷᠢᠯᠢᠭᠵᠢᠭᠤᠯᠬᠤ᠂ ᠴᠢᠳᠠᠮᠵᠢᠵᠢᠭᠤᠯᠬᠤ ᠵᠡᠷᠭᠡ | ᠲᠠᠯ᠎ᠠ ᠪᠠᠷ ᠭᠦᠨᠵᠡᠭᠡᠢ ᠰᠣᠯᠢᠯᠴᠠᠭ᠎ᠠ ᠬᠢᠭᠰᠡᠨ ᠪᠥᠭᠡᠳ ᠵᠠᠷᠤᠳ ᠬᠤᠰᠢᠭᠤᠨ ᠤ ᠠᠭ᠎ᠠ ᠶᠢᠨ ᠠᠯᠳᠧᠭᠢᠳ᠋ ᠤᠨ ᠲᠦᠷᠦᠯ | ᠵᠦᠢᠯ ᠤᠨ ᠠᠵᠤ ᠦᠢᠯᠡᠰ ᠤᠨ ᠲᠡᠰ ᠲᠡᠪᠰᠢᠯᠳᠠ ᠶᠢ ᠠᠬᠢᠭᠤᠯᠬᠤ ᠵᠡᠷᠭᠡ ᠲᠠᠯ᠎ᠠ ᠪᠠᠷ ᠨᠠᠷᠢᠨ ᠨᠢᠭᠲᠠ ᠰᠤᠳᠤᠯᠤᠨ | ᠶᠠᠷᠢᠯᠴᠠᠵᠤ᠂ ᠤᠯᠠᠨ ᠵᠦᠢᠯ ᠤᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠤᠯᠪᠠ᠃ ᠬᠤᠰᠢᠭᠤᠨ ᠤ | ᠤᠳᠤᠷᠢᠳᠤᠯᠭ᠎ᠠ ᠭᠦᠸᠧ ᠶᠠ ᠹᠧᠩ᠂ ᠯᠢ ᠶᠦᠩ ᠬᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠵᠦᠪᠳᠡᠯᠴᠡᠬᠦ ᠬᠤᠷᠠᠯ ᠳᠤ ᠣᠷᠣᠯᠴᠠᠪᠠ᠃ | | | |