ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤᠨ ᠤ 4 ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ︵ | ᠬᠤᠲᠠ ᠶᠢᠨ ᠰᠢᠭᠤᠳ ᠬᠠᠮᠢᠶᠠᠷᠬᠤ ᠭᠠᠳᠠᠰᠤ ᠡᠭᠦᠯᠳᠡᠷ ᠤᠨ ᠮᠠᠯ ᠤᠨ ᠲᠠᠯᠠᠪᠠᠶ ᠪᠠᠭᠲᠠᠨ᠎ᠠ︶ ᠬᠢᠨ ᠴᠥᠮ ᠨᠢᠭᠡ | ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠭᠠᠳᠠᠭᠠᠳᠤ ᠳᠤ | ᠦᠢᠯᠡᠴᠢᠯᠡᠬᠦ ᠴᠢᠳᠠᠮᠵᠢ ᠶᠢ ᠨᠡᠭᠡᠭᠡᠵᠦ᠂ ᠪᠥᠬᠦ ᠬᠤᠰᠢᠭᠤᠨ ᠤ ᠬᠡᠪᠴᠢᠶᠡᠨ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ | | | | | | ᠵᠢᠯ ᠤᠨ ᠡᠬᠢᠨ ᠠᠴᠠ ᠨᠠᠰᠢ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ | ᠲᠥᠷᠥ ᠶᠢᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ | ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠲᠦᠩᠯᠢᠶᠣᠣ ᠬᠤᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠨᠳᠦᠰᠦᠨ ᠵᠢᠷᠤᠮᠯᠠᠯ ᠢᠶᠠᠷ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠢᠳᠡᠪᠬᠢᠲᠡᠢ ᠠᠬᠢᠭᠤᠯᠪᠠ᠃ | ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠮᠡᠷᠭᠡᠵᠢᠯ ᠤᠨ ᠲᠤᠯᠭᠠᠭᠤᠷᠢᠯᠠᠯ ᠳᠤ ᠲᠦᠰᠢᠭᠯᠡᠨ᠂ ᠪᠠᠯᠭᠠᠰᠤ ᠲᠣᠰᠬᠤᠨ ᠬᠤᠶᠠᠷ ᠱᠠᠲᠤᠨ ᠤ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠬᠤᠰᠢᠭᠤ | ᠪᠠᠯᠭᠠᠰᠤ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠬᠦᠯᠢ | ᠴᠣᠭᠴᠠ ᠪᠠᠷ ᠨᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠥᠨᠳᠥᠷ ᠪᠦᠲᠦᠮᠵᠢᠲᠡᠶ᠂ ᠳᠥᠭᠦᠮ ᠳᠥᠲᠡ᠂ | ᠣᠳᠣᠬᠢᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢᠶᠠᠷ ᠦᠨᠳᠦᠰᠦᠨ ᠱᠠᠲᠤᠨ ᠤ ᠣᠯᠠᠨ | ᠲᠦᠮᠡᠨ ᠨᠢᠭᠡᠪᠦᠷᠢ ᠳᠤ ᠦᠨᠡᠨᠬᠦ ᠠᠰᠢᠭ ᠬᠦᠷᠳᠡᠭᠡᠪᠡ᠃ | | | | | ᠣᠶᠢᠷ᠎ᠠ ᠶᠢᠨ ᠵᠢᠯ ᠳᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠠᠵᠢᠯ ᠤᠨ ᠦᠷᠭᠦᠯᠵᠢᠯᠡᠨ ᠠᠭᠢᠬᠤ ᠶᠢ ᠳᠠᠭᠠᠯᠳᠤᠨ᠂ ᠮᠠᠨ ᠤ ᠬᠤᠰᠢᠭᠤᠨ ᠤ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠢᠯᠡᠳᠲᠡ ᠳᠡᠭᠡᠭᠰᠢᠯᠡᠵᠦ᠂ ᠪᠥᠬᠦ ᠬᠤᠰᠢᠭᠤᠨ ᠤ 15 ᠰᠤᠮᠤ ᠪᠠᠯᠭᠠᠰᠤ | ᠨᠢᠳᠤᠨᠤᠨ ᠨᠢᠭᠡᠨᠲᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ᠥᠪᠥᠷ | ᠮᠣᠩᠭᠤᠯ ᠤᠨ ᠮᠦᠩᠭᠡ ᠰᠤᠪᠠᠭ APP ᠰᠢᠯᠵᠢᠮᠡᠯ ᠬᠡᠷᠡᠭᠯᠡᠭᠴᠢ ᠶᠢᠨ ᠦᠵᠦᠭᠦᠷ ᠤᠨ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠴᠢᠳᠠᠮᠵᠢ ︵ᠳᠠᠷᠤᠢ ᠨᠢᠭᠡ ᠴᠣᠭᠴᠠᠵᠢᠭᠤᠯᠤᠭᠰᠠᠨ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠭᠠᠳᠠᠭᠰᠢ ᠦᠢᠯᠡᠴᠢᠯᠡᠬᠦ ᠴᠢᠳᠠᠮᠵᠢ︶ ᠶᠢ | ᠪᠦᠬᠦᠨ ᠢ ᠨᠡᠭᠡᠭᠡᠵᠦ᠂ ᠰᠤᠮᠤ ᠪᠠᠯᠭᠠᠰᠤᠨ ᠤ ᠱᠠᠳᠤᠨ ᠲᠤ ᠪᠠᠶᠢᠴᠠᠭᠠᠵᠤ ᠪᠣᠯᠬᠤ ᠵᠦᠢᠯᠡᠰ 570 ᠪᠠᠶᠢᠵᠤ᠂ | ᠰᠢᠭᠤᠳ ᠰᠦᠯᠵᠢᠶᠡᠨ ᠳᠡᠭᠡᠷ᠎ᠡ ᠰᠢᠢᠳᠪᠦᠷᠢᠯᠡᠵᠦ ᠪᠣᠯᠬᠤ ᠵᠦᠢᠯᠡᠰ 529 ᠪᠤᠯᠪᠠ᠃ ᠤᠯᠤᠰ ᠤᠨ ᠡᠵᠡᠩᠨᠡᠯᠲᠡ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠣᠨᠴᠠᠭᠠᠶ ᠬᠠᠮᠢᠶᠠᠷᠤᠯᠲᠠ ᠶᠢᠨ ᠪᠠᠶᠢᠭᠤᠯᠤᠮᠵᠢ ᠮᠦᠨ᠂ ᠤᠤᠯ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠱᠠᠭᠠᠷᠳᠠᠯᠭ᠎ᠠ ᠶᠢᠨ ᠬᠡᠪᠴᠢᠶᠡᠨ ᠳᠤ ᠪᠠᠶᠢᠬᠤ ᠦᠭᠡᠢ ᠪᠠᠶᠢᠵᠠᠢ᠂ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠣᠯᠠᠨ ᠲᠦᠮᠡᠨ ᠤ ᠦᠨᠡᠨ ᠪᠣᠳᠠᠲᠠᠢ ᠬᠡᠷᠡᠭᠴᠡᠭᠡ ᠪᠠ ᠪᠥᠬᠦ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠦᠬᠦᠯᠢ ᠴᠣᠭᠴᠠᠲᠤ ᠴᠢᠨᠠᠷ ᠢ ᠪᠣᠳᠣᠯᠬᠢᠯᠠᠵᠤ᠂ 8 | ᠰᠠᠷ᠎ᠠ ᠶᠢᠨ ᠡᠬᠢ ᠪᠠᠷ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠠᠴᠠ | ᠰᠤᠳᠤᠯᠤᠨ ᠲᠣᠭᠲᠠᠭᠠᠵᠤ᠂ ᠬᠤᠰᠢᠭᠤᠨ ᠤ ᠬᠡᠪᠴᠢᠶᠡᠨ ᠳᠠᠬᠢ 4 ᠤᠯᠤᠰ ᠤᠨ ᠡᠵᠡᠩᠨᠡᠯᠲᠡ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠳᠤ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠲᠣᠭᠲᠠᠪᠠ᠃ | | | | | ᠠᠵᠢᠯ ᠤᠨ ᠲᠦᠷᠭᠡᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠤᠯᠤᠰ ᠤᠨ ᠲᠠᠷᠢᠶᠠᠯᠠᠩ ᠮᠠᠯᠵᠢᠯ ᠤᠨ | ᠲᠠᠯᠠᠪᠠᠶ ᠶᠢᠨ ᠠᠵᠢᠯᠲᠠᠳ ᠲᠤ ᠭᠤᠷᠪᠠᠨ ᠡᠭᠡᠯᠵᠢ ᠶᠢᠨ ᠲᠦᠪᠯᠡᠷᠡᠭᠰᠡᠨ ᠪᠣᠯᠪᠠᠰᠤᠷᠠᠯ ᠬᠦᠷᠲᠡᠭᠡᠪᠡ᠃ ᠲᠠᠪᠴᠠᠩ ᠤᠨ | ᠭᠤᠣᠯ ᠬᠠᠮᠢᠶᠠᠷᠤᠭᠴᠢ ᠳᠤ ᠪᠣᠯᠪᠠᠰᠤᠷᠠᠭᠤᠯᠤᠯ ᠬᠢᠵᠦ᠂ ᠬᠠᠮᠢᠶᠠᠷᠤᠭᠴᠢ ᠶᠢᠨ ᠲᠠᠪᠴᠠᠩ ᠤᠨ ᠡᠯ᠎ᠡ ᠵᠦᠢᠯ ᠤᠨ | ᠴᠢᠳᠠᠮᠵᠢ ᠶᠢ ᠵᠥᠪ ᠣᠨᠣᠪᠴᠢᠲᠠᠶ᠂ ᠵᠢᠷᠤᠮᠵᠢᠭᠤᠯᠤᠨ ᠬᠡᠷᠡᠭᠯᠡᠬᠦ ᠶᠢ ᠦᠨᠡᠨᠬᠦ ᠪᠠᠳᠤᠯᠠᠪᠠ︔ ᠤᠴᠢᠷ ᠶᠠᠪᠤᠳᠠᠯ ᠤᠨ | ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠳᠤ ᠪᠣᠯᠪᠠᠰᠤᠷᠠᠭᠤᠯᠤᠯ ᠬᠢᠵᠦ᠂ ᠲᠤᠬᠠᠶᠢᠯᠠᠭᠰᠠᠨ ᠠᠵᠢᠯ ᠤᠨ | ᠠᠵᠢᠯᠲᠠᠨ ᠤ ᠭᠤᠣᠯ ᠬᠠᠮᠢᠶᠠᠷᠤᠭᠴᠢ ᠲᠠᠢ ᠢᠳᠡᠪᠬᠢᠲᠡᠢ ᠬᠠᠮᠵᠢᠯᠴᠠᠨ ᠤᠴᠢᠷ ᠶᠠᠪᠤᠳᠠᠯ ᠢ ᠲᠠᠨᠢᠵᠤ ᠠᠪᠬᠤ ᠪᠠ | ᠬᠡᠷᠡᠭᠵᠢᠭᠦᠯᠬᠦ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢ ᠦᠨᠡᠨᠬᠦ ᠪᠠᠳᠤᠯᠠᠪᠠ︔ ᠭᠤᠣᠯ ᠬᠠᠮᠢᠶᠠᠷᠤᠭᠴᠢ | ᠪᠠ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠳᠤ ᠪᠦᠬᠦᠯᠢ ᠴᠣᠭᠴᠠ ᠶᠢᠨ ᠪᠣᠯᠪᠠᠰᠤᠷᠠᠭᠤᠯᠤᠯ ᠬᠢᠵᠦ᠂ | ᠬᠤᠶᠠᠭᠤᠯᠠ ᠪᠠᠨ ᠬᠠᠮᠲᠤᠷᠠᠨ ᠤᠴᠢᠷ ᠶᠠᠪᠤᠳᠠᠯ ᠢ ᠰᠦᠯᠵᠢᠶ᠎ᠡ ᠪᠠᠷ ᠭᠦᠢᠴᠡᠳᠭᠡᠬᠦ ᠴᠤᠪᠤᠷᠠᠯ ᠢ ᠵᠦᠢ ᠵᠣᠬᠢᠰᠲᠠᠢ | ᠲᠣᠬᠢᠷᠠᠭᠤᠯᠬᠤ ᠶᠢ ᠦᠨᠡᠨᠬᠦ ᠪᠠᠲᠤᠯᠠᠵᠤ᠂ ᠨᠠᠩ ᠣᠯᠠᠨ ᠤᠴᠢᠷ ᠶᠠᠪᠤᠳᠠᠯ ᠢ ᠪᠥᠬᠦ ᠴᠤᠪᠤᠷᠠᠯ ᠢᠶᠠᠷ ᠰᠦᠯᠵᠢᠶ᠎ᠡ ᠲᠡᠭᠡᠷ᠎ᠡ | ᠭᠦᠢᠴᠡᠳᠭᠡᠬᠦ ᠶᠢ ᠪᠡᠶᠡᠯᠡᠭᠦᠯᠬᠦ ᠶᠢ ᠠᠬᠢᠭᠤᠯᠪᠠ᠃ ᠬᠠᠭᠠᠰ ᠰᠠᠷ᠎ᠠ ᠰᠢᠬᠠᠮ ᠤᠨ ᠨᠢᠭᠲᠠ ᠪᠣᠯᠪᠠᠰᠤᠷᠠᠭᠤᠯᠤᠯ ᠪᠠ ᠨᠢᠭᠡ | ᠨᠢᠭᠡ ᠪᠠᠷ ᠪᠣᠳᠠᠲᠠᠢ ᠪᠣᠯᠪᠠᠰᠤᠷᠠᠭᠤᠯᠤᠯ ᠵᠢᠯᠣᠭᠤᠳᠤᠯᠭ᠎ᠠ ᠬᠢᠬᠦ ᠪᠠᠷ ᠳᠡᠮᠵᠢᠨ᠂ ᠪᠣᠯᠪᠠᠰᠤᠷᠠᠭᠤᠯᠤᠯ ᠳᠤ | ᠣᠷᠣᠯᠴᠠᠭᠰᠠᠳ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠬᠠᠢ | ᠲᠣᠳᠣᠷᠬᠠᠢ ᠲᠠᠨᠢᠯᠲᠠ ᠲᠠᠢ ᠪᠣᠯᠤᠭᠰᠠᠨ ᠪᠥᠭᠡᠳ ᠲᠠᠪᠴᠠᠩ ᠤᠨ ᠴᠢᠳᠠᠮᠵᠢ ᠶᠢᠨ ᠠᠵᠢᠯᠯᠠᠬᠤ ᠠᠷᠭ᠎ᠠ ᠶᠢ ᠯᠠᠪᠳᠠᠭᠤᠨ | ᠪᠠᠲᠤᠲᠠᠢ ᠡᠵᠡᠮᠰᠢᠭᠰᠡᠨ ᠪᠠᠶᠢᠨ᠎ᠠ᠂ ᠣᠳᠣᠬᠠᠨ ᠳᠤ᠂ ᠡᠯ᠎ᠡ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ ᠨᠢᠭᠡᠨᠲᠡ | ᠲᠠᠨᠢᠵᠤ ᠠᠪᠤᠭᠰᠠᠨ ᠪᠠ ᠨᠡᠶᠢᠳᠡᠯᠡᠭᠰᠡᠨ ᠵᠦᠢᠯᠡᠰ 320 ᠪᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠦᠢᠴᠡᠳᠭᠡᠪᠡᠯ ᠵᠣᠬᠢᠬᠤ ᠶᠢ ᠨᠢ ᠴᠥᠮ ᠭᠦᠢᠴᠡᠳᠭᠡᠬᠦ ᠶᠢ ᠪᠡᠶᠡᠯᠡᠭᠦᠯᠪᠡ᠃ | | | | | ᠲᠠᠷᠠᠭᠠᠴᠢ ᠶᠢᠨ ᠠᠯᠬᠤᠮ ᠳᠤ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠦᠷᠭᠦᠯᠵᠢᠯᠡᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ | ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ | ᠲᠣᠬᠢᠷᠠᠭᠤᠯᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠳᠠᠭᠠᠵᠤ᠂ ︽ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ + ᠲᠦᠩᠯᠢᠶᠣᠣ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯᠯᠠᠭᠠᠨ ᠤ ᠬᠠᠮᠢᠶᠠᠷᠤᠯᠲᠠ ᠶᠢᠨ ᠲᠠᠪᠴᠠᠩ︾ ᠤᠨ ᠮᠡᠷᠭᠡᠵᠢᠯ ᠤᠨ ᠲᠤᠯᠭᠠᠭᠤᠷᠢᠯᠠᠯ ᠳᠤ | ᠲᠦᠰᠢᠭᠯᠡᠨ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠪᠠᠷᠢᠮᠵᠢᠶᠠᠵᠢᠭᠤᠯᠬᠤ | ᠂ ᠵᠢᠷᠤᠮᠵᠢᠭᠤᠯᠬᠤ᠂ ᠳᠥᠭᠦᠮᠴᠢᠯᠡᠬᠦ ᠱᠠᠭᠠᠷᠳᠠᠯᠭ᠎ᠠ ᠪᠠᠷ ᠲᠠᠰᠤᠷᠠᠯᠲᠠ ᠦᠭᠡᠢ ᠤᠷᠤᠭᠰᠢᠯᠠᠭᠤᠯᠬᠤ ᠶᠢ ᠪᠠᠲᠤᠯᠠᠵᠤ᠂ | ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠥᠬᠦ ᠬᠤᠲᠠ ᠶᠢᠨ ᠡᠮᠦᠨ᠎ᠡ | ᠡᠩᠨᠡᠭᠡᠨ ᠳᠤ ᠶᠠᠪᠤᠭᠳᠠᠭᠤᠯᠬᠤ ᠶᠢ ᠪᠠᠲᠤᠯᠠᠵᠤ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠪᠠ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠰᠢᠯᠢᠳᠡᠭᠵᠢᠭᠦᠯᠬᠦ ᠳᠤ ᠪᠠᠲᠤ | ᠴᠢᠩᠭ᠎ᠠ ᠵᠠᠰᠠᠭ ᠤᠨ ᠶᠠᠪᠤᠳᠠᠯ ᠤᠨ ᠬᠥᠳᠡᠯᠭᠡᠬᠦ ᠬᠦᠴᠦᠨ ᠢ ᠬᠠᠩᠭᠠᠨ᠎ᠠ ᠬᠡᠪᠡ᠃ | |