| 8 ᠰᠠᠷ᠎ᠠ ᠶᠢᠨ 25 ᠤ ᠡᠳᠦᠷ᠂ ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠵᠠᠷᠤᠳ ᠬᠤᠰᠢᠭᠤᠨ ᠳᠤ ᠬᠢᠪᠡ᠃ ᠬᠤᠲᠠ ᠶᠢᠨ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠭᠤᠸᠠᠨ ᠵᠢᠴᠢ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠤᠬᠠᠭᠤᠯᠬᠤ ᠬᠡᠯᠲᠡᠰ ᠤᠨ ᠳᠠᠷᠤᠭ᠎ᠠ᠂ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ | ᠡᠷᠬᠢᠯᠡᠭᠴᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢ ᠵᠢᠴᠢ ᠠᠵᠢᠯᠲᠠᠨ | ᠨᠡᠶᠢᠲᠡ 50 ᠭᠠᠷᠤᠢ ᠬᠥᠮᠥᠨ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃ | | | ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ᠂ ᠪᠠᠶᠠᠷᠲᠤᠬᠤᠰᠢᠭᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ᠂ ᠲᠥᠪᠰᠢᠨ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ᠂ ᠭᠠᠵᠠᠷ᠂ ᠥᠷᠲᠡᠭᠡ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ | ᠪᠣᠯᠣᠨ ᠡᠩᠨᠡᠭᠡ ᠶᠢᠨ ᠪᠠᠶᠢᠭᠤᠯᠤᠯᠲᠠ᠂ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ | ᠯᠢᠩ ᠬᠤᠸ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠥᠷᠨᠢᠭᠦᠯᠦᠭᠰᠡᠨ | ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ | ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ︽ᠳᠣᠲᠠᠭᠳᠠᠯ ᠢᠶᠠᠨ ᠨᠦᠬᠦᠪᠦᠷᠢᠯᠡᠬᠦ᠂ | ᠳᠠᠪᠠᠭᠤᠯᠢᠭ ᠢᠶᠠᠨ ᠳᠠᠪᠲᠠᠬᠤ᠂ ᠲᠣᠭᠲᠠᠴᠠ ᠶᠢ ᠡᠭᠦᠳᠬᠦ᠂ ᠬᠢᠯᠠᠰ ᠴᠡᠭ ᠢ ᠡᠭᠦᠳᠬᠦ︾ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠪᠣᠯᠪᠠᠰᠤᠨ ᠬᠤᠳᠠ ᠶᠢ ᠪᠠᠶᠢᠩᠭᠤ ᠡᠭᠦᠳᠦᠨ ᠪᠠᠶᠢᠭᠤᠯᠬᠤ ᠶᠢ ᠴᠢᠩᠭᠠᠳᠬᠠᠵᠤ᠂ ᠬᠦᠳᠡᠭᠡ | ᠲᠣᠰᠬᠤᠨ ᠮᠠᠯᠵᠢᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠶᠢ ᠴᠢᠩᠭᠠᠳᠬᠠᠵᠤ᠂ ᠤᠯᠠᠨ ᠲᠦᠮᠡᠨᠴᠢ ᠴᠢᠨᠠᠷᠲᠠᠢ | ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠲᠡᠷᠢᠭᠦᠨ ᠤ ᠨᠡᠶᠢᠲᠡᠯᠢᠭ | ᠵᠢᠱᠢᠶ᠎ᠡ ᠶᠢ ᠰᠣᠩᠭᠤᠨ ᠤᠬᠠᠭᠤᠯᠬᠤ ᠪᠠ ᠬᠠᠪᠰᠤᠷᠤᠨ ᠲᠡᠳᠬᠦᠬᠦ ᠶᠣᠰᠣᠷᠬᠠᠭ ᠬᠠᠷᠠᠭᠠᠯᠵᠠᠯ ᠤᠨ ᠠᠵᠢᠯ ᠢ ᠬᠦᠴᠦᠯᠡᠨ | ᠰᠠᠶᠢᠲᠤᠷ ᠬᠢᠵᠦ᠂ ᠪᠣᠯᠪᠠᠰᠤᠨ ᠢᠶᠠᠷ ᠬᠥᠲᠥᠯᠥᠨ ᠵᠢᠯᠤᠭᠤᠳᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ | ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠬᠦᠭᠵᠢᠭᠰᠡᠨ ᠲᠦᠩᠯᠢᠶᠣᠣ᠂ ᠪᠣᠯᠪᠠᠰᠤᠨ ᠲᠦᠩᠯᠢᠶᠣᠣ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠪᠣᠷᠢᠯᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠬᠠᠮᠲᠤᠪᠠᠷ ︽ᠰᠦᠭ ᠰᠦᠨᠡᠰᠦ ᠭᠠᠷᠤᠳᠢ | ᠠᠭᠤᠯᠠᠨ ᠳᠤ ᠨᠣᠶᠢᠷᠰᠣᠭᠰᠠᠨ ᠨᠢ︾ ᠭᠡᠬᠦ ᠲᠠᠶᠢᠰᠠᠲᠤ ᠵᠦᠴᠦᠭᠡ ᠶᠢ ᠰᠣᠨᠢᠷᠬᠠᠪᠠ᠃ | | | |