| |  ᠣᠶᠢᠷ᠎ᠠ ᠶᠢᠨ ᠡᠳᠦᠷ ᠤᠳ ᠲᠤ᠂ ᠵᠠᠷᠤᠳ ᠬᠤᠰᠢᠭᠤ ᠦᠳᠲᠡᠷ ᠲᠦᠷᠭᠡᠨ ᠴᠤᠤᠷᠢᠶᠠᠲᠤᠨ ᠲᠠᠭᠠᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠵᠤ᠂ ᠡᠷᠲᠡ ᠪᠠᠶᠢᠷᠢᠯᠠᠭᠤᠯᠵᠤ᠂ ᠤᠷᠢᠳᠠᠪᠠᠷ | ᠡᠬᠢᠯᠡᠭᠦᠯᠵᠦ᠂ ᠲᠦᠷᠭᠡᠨ ᠬᠥᠳᠡᠯᠦᠯᠴᠡᠵᠦ᠂ ᠡᠯ᠎ᠡ ᠵᠦᠢᠯ ᠤᠨ ᠠᠵᠢᠯ ᠢ ︽ᠤᠷᠢᠳᠠᠪᠠᠷ ᠨᠢᠭᠡ ᠠᠯᠬᠤᠮ | ᠶᠠᠪᠤᠭᠳᠠᠭᠤᠯᠬᠤ︾ ᠶᠢ ᠠᠬᠢᠭᠤᠯᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠨᠳᠥᠷ | ᠭᠠᠷᠤᠭ᠎ᠠ ᠠᠴᠠ ᠡᠬᠢᠯᠡᠭᠦᠯᠵᠦ᠂ ᠥᠨᠳᠥᠷ ᠪᠠᠷᠢᠮᠵᠢᠶ᠎ᠠ ᠪᠠᠷ ᠠᠬᠢᠭᠤᠯᠬᠤ ᠳᠤ ᠪᠡᠯᠡᠳᠬᠡᠯ ᠠᠵᠢᠯ ᠢ ᠡᠷᠴᠢᠮᠲᠡᠢ ᠬᠢᠪᠡ᠃ | ᠡᠷᠲᠡᠬᠡᠨ ᠲᠦᠯᠦᠪᠯᠡᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ︽ᠰᠠᠭᠤᠷᠢ ᠰᠢᠲᠠᠷ᠎ᠠ︾ ᠶᠢ | ᠰᠠᠶᠢᠲᠤᠷ ᠲᠠᠯᠪᠢᠪᠠ | ᠬᠤᠰᠢᠭᠤᠨ ᠤ ᠨᠠᠮ ᠤᠨ ᠬᠤᠷᠢᠶ᠎ᠠ ᠬᠢᠨ ᠪᠠᠶᠢᠩᠭᠤ ᠶᠢᠨ ᠬᠤᠷᠢᠶᠠᠨ ᠤ ᠬᠤᠷᠠᠯ᠂ ᠣᠨᠣᠯ ᠤᠨ ᠰᠤᠷᠤᠯᠴᠠᠯᠭ᠎ᠠ ᠶᠢᠨ | ᠭᠤᠣᠯ ᠳᠤᠭᠤᠶᠢᠯᠠᠩ ᠤᠨ ᠬᠤᠷᠠᠯ ᠬᠢᠬᠦ ᠪᠠᠷ ᠳᠡᠮᠵᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠪᠡᠶ᠎ᠡ ᠪᠠᠷ ᠢᠶᠠᠨ ᠭᠤᠣᠯ ᠰᠡᠳᠦᠪᠲᠦ ᠬᠥᠮᠦᠵᠢᠯ ᠤᠨ ᠪᠡᠯᠡᠳᠬᠡᠯ ᠠᠵᠢᠯ ᠢ ᠵᠢᠱᠢᠶ᠎ᠡ ᠦᠵᠡᠭᠦᠯᠦᠨ ᠲᠠᠶᠢᠴᠢᠯᠠᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ | ᠵᠢᠴᠢ ᠠᠯᠪᠠᠨ ᠭᠡᠷ ᠪᠠᠶᠢᠭᠤᠯᠵᠤ᠂ ᠠᠵᠢᠯ ᠤᠨ ᠬᠦᠴᠦᠨ ᠢ ᠪᠦᠷᠢᠨ ᠲᠣᠬᠢᠷᠠᠭᠤᠯᠪᠠ᠃ | ᠭᠦᠨ ᠰᠣᠷᠣᠯᠴᠠᠵᠤ ᠯᠠᠪᠳᠠᠭᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ ︽ᠣᠨᠣᠯ ᠤᠨ ᠰᠢᠲᠠᠷ᠎ᠠ︾ | ᠶᠢ ᠰᠠᠶᠢᠲᠤᠷ ᠲᠠᠯᠪᠢᠪᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠠᠶᠢᠲᠤᠷ ᠰᠤᠷᠤᠯᠴᠠᠬᠤ ᠶᠢ ᠭᠤᠣᠯ ᠰᠡᠳᠦᠪᠲᠦ ᠬᠥᠮᠦᠵᠢᠯ ᠤᠨ ᠤᠷᠢᠳᠴᠢᠯᠠᠨ ᠬᠠᠯᠠᠰᠠᠬᠤ | ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠵᠤ᠂ ︽ᠪᠠᠶᠢᠩᠭᠤ ᠰᠣᠷᠣᠯᠴᠠᠬᠤ︾᠂ ︽ᠲᠦᠷᠦᠭᠦᠯᠡᠨ | ᠰᠤᠷᠤᠯᠴᠠᠬᠤ︾᠂ ︽ᠪᠠᠶᠠᠯᠢᠭᠵᠢᠭᠤᠯᠤᠨ ᠰᠤᠷᠤᠯᠴᠠᠬᠤ︾ ᠪᠠᠷ ᠲᠠᠮᠵᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ | ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠤᠣᠯ ᠰᠡᠳᠦᠪᠲᠦ ᠬᠥᠮᠦᠵᠢᠯ ᠤᠨ | ᠤᠷᠢᠳᠴᠢᠯᠠᠨ ᠬᠠᠯᠠᠰᠠᠬᠤ ᠶᠢ ᠠᠬᠢᠭᠤᠯᠪᠠ᠃ ᠨᠢᠭᠡ ᠳᠤ᠂ ᠪᠠᠶᠢᠩᠭᠤ ᠶᠢᠨ ᠰᠤᠷᠤᠯᠴᠠᠯᠭ᠎ᠠ᠂ ᠭᠤᠣᠯ ᠰᠡᠳᠦᠪᠲᠦ | ᠬᠥᠮᠦᠵᠢᠯ ᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ | ᠰᠡᠳᠦᠪᠲᠦ ᠨᠠᠮ ᠤᠨ ᠡᠳᠦᠷ ᠵᠡᠷᠭᠡ ᠡᠳᠦᠷ ᠲᠤᠳᠤᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ | ᠠᠭᠤᠰᠤᠯᠴᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ | ᠬᠤᠶᠠᠳᠤᠭᠠᠷ ᠡᠭᠡᠯᠵᠢ ᠶᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠪᠠᠲᠤ ᠪᠠᠬᠢ ᠦᠵᠡᠯ | ᠰᠠᠨᠠᠭᠠᠨ ᠤ ᠰᠠᠭᠤᠷᠢ ᠲᠠᠯᠪᠢᠪᠠ᠃ ᠣᠳᠣᠬᠠᠨ ᠳᠤ ᠨᠠᠮ ᠤᠨ ᠭᠡᠰᠢᠭᠦᠨ ᠤ ᠳᠣᠮᠲᠠ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ 296 ᠤᠳᠠᠭ᠎ᠠ | ᠲᠥᠪᠯᠡᠷᠡᠭᠦᠯᠦᠨ ᠰᠤᠷᠤᠯᠴᠠᠵᠤ᠂ 502 ᠤᠳᠠᠭ᠎ᠠ ᠰᠤᠳᠤᠯᠤᠨ ᠶᠠᠷᠢᠯᠴᠠᠵᠤ᠂ 1786 ᠬᠥᠮᠥᠨ ᠶᠠᠷᠢᠶ᠎ᠠ ᠲᠠᠯᠪᠢᠵᠤ᠂ | 9060 ᠨᠠᠮ ᠤᠨ ᠭᠡᠰᠢᠭᠦᠳ ᠰᠤᠷᠤᠯᠴᠠᠯᠭ᠎ᠠ ᠳᠤ ᠣᠷᠣᠯᠴᠠᠪᠠ᠂ ᠡᠭᠦᠨ ᠳᠤ ᠰᠦᠯᠵᠢᠶᠡᠨ ᠭᠠᠳᠠᠨ᠎ᠠ ᠲᠥᠪᠯᠡᠷᠡᠭᠦᠯᠦᠨ | ᠰᠤᠷᠤᠯᠴᠠᠭᠰᠠᠨ ᠬᠥᠮᠥᠨ 6108᠂ ᠰᠦᠯᠵᠢᠶᠡᠨ ᠳᠡᠭᠡᠷ᠎ᠡ ᠰᠤᠷᠤᠯᠴᠠᠭᠰᠠᠨ ᠬᠥᠮᠥᠨ 2952 ᠪᠤᠢ᠃ ᠬᠤᠶᠠᠷ ᠲᠤ᠂ | ᠲᠦᠷᠦᠭᠦᠯᠡᠨ ᠰᠤᠷᠤᠯᠴᠠᠵᠤ᠂ ᠤᠭ ᠵᠣᠬᠢᠶᠠᠯ ᠢ ᠨᠢ ᠤᠩᠰᠢᠵᠤ᠂ ᠤᠭ ᠵᠣᠬᠢᠶᠠᠯ ᠢ ᠨᠢ ᠰᠤᠷᠴᠤ᠂ ᠤᠭ ᠶᠣᠰᠣ ᠶᠢ | ᠨᠢ ᠣᠶᠢᠯᠠᠭᠠᠬᠤ ᠶᠢᠨ ᠬᠠᠮᠲᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠳᠠᠶᠢᠴᠢᠯᠠᠨ ︽ᠰᠢᠨ᠎ᠡ ᠦᠵᠡᠯ | ᠰᠠᠨᠠᠭ᠎ᠠ ᠶᠢ ᠪᠢ ᠣᠩᠰᠢᠵᠤ ᠴᠢ ᠰᠣᠨᠣᠰ︾ ᠭᠡᠬᠦ ᠳᠠᠭᠤᠨ ᠳᠠᠪᠲᠠᠮᠵᠢ ᠶᠢ ᠰᠢᠩᠭᠡᠬᠡᠨ ᠦᠢᠯᠡᠳᠴᠦ᠂ ᠺᠠᠳ᠋ᠷᠴᠤᠳ ᠤᠨ | ᠳᠠᠭᠠᠭᠤᠯᠤᠨ ᠰᠤᠷᠤᠯᠴᠠᠬᠤ ᠠᠷᠭ᠎ᠠ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠤᠨ ᠠᠭᠤᠯᠭ᠎ᠠ ᠶᠢ ᠡᠳᠦᠷ | ᠳᠤᠳᠤᠮ ᠤᠨ ᠠᠵᠢᠯ ᠳᠤ ᠠᠭᠤᠰᠬᠠᠵᠤ᠂ ᠪᠠᠶᠢᠩᠭᠤ ᠠᠳᠬᠤᠪᠠ᠃ ᠣᠳᠣᠬᠠᠨ ᠳᠤ ᠨᠢᠭᠡᠨᠲᠡ 29 ᠬᠤᠭᠤᠴᠠᠭ᠎ᠠ | ᠭᠤᠣᠯ ᠰᠡᠳᠦᠪᠲᠦ ᠲᠠᠭᠤᠨ ᠳᠠᠪᠲᠠᠮᠵᠢ ᠶᠢ ᠨᠡᠶᠢᠲᠡᠯᠡᠪᠡ᠃ ᠭᠤᠷᠪᠠ ᠳᠤ᠂ ᠰᠤᠷᠤᠯᠴᠠᠯᠭ᠎ᠠ ᠶᠢ ᠪᠠᠶᠠᠯᠢᠭᠵᠢᠭᠤᠯᠵᠤ᠂ | ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠡᠳᠦᠷ ᠪᠦᠷᠢ ᠰᠣᠷᠣᠯᠴᠠᠯᠭ᠎ᠠ ᠶᠢᠨ ᠬᠦᠴᠦᠷᠬᠡᠭ | ᠤᠯᠤᠰ ᠤᠨ APP ᠶᠢᠨ ᠭᠤᠣᠯ ᠰᠡᠳᠦᠪᠲᠦ ᠬᠥᠮᠦᠵᠢᠯ ᠤᠨ ᠲᠤᠰᠬᠠᠢ ᠪᠤᠯᠤᠩ ᠪᠣᠯᠣᠨ ᠵᠠᠷᠣᠳ ᠤᠨ ᠨᠠᠮ ᠤᠨ | ᠪᠠᠶᠢᠭᠤᠯᠤᠯᠲᠠ ᠶᠢᠨ ᠸᠢᠴᠠᠲ ᠶᠢᠨ ᠤᠯᠠᠨ ᠨᠡᠶᠢᠲᠡ ᠶᠢᠨ ᠲᠡᠪᠴᠡᠩ ᠳᠤ ᠰᠤᠷᠤᠯᠴᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠤᠯᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ︽ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠬᠤ᠂ | ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ | ᠰᠤᠷᠤᠯᠴᠠᠯᠭ᠎ᠠ ᠪᠠᠷ ᠠᠵᠢᠯᠯᠠᠭ᠎ᠠ ᠪᠠᠨ ᠠᠬᠢᠭᠤᠯᠬᠤ︾ ᠳᠡᠭᠡᠷ᠎ᠡ ᠬᠦᠴᠦ ᠣᠷᠣᠭᠤᠯᠵᠤ ᠪᠣᠳᠠᠲᠠᠢ ᠦᠷ᠎ᠡ ᠪᠦᠲᠦᠮᠵᠢ | ᠭᠠᠷᠭᠠᠬᠤ ᠶᠢ ᠬᠥᠲᠥᠯᠥᠨ ᠳᠠᠭᠠᠭᠤᠯᠪᠠ᠃ | ᠣᠯᠠᠨ ᠲᠠᠯ᠎ᠠ ᠠᠴᠠ ᠪᠠᠶᠢᠷᠢᠯᠠᠭᠤᠯᠵᠤ᠂ ᠰᠠᠶᠢᠨ ᠠᠭᠤᠷ ᠠᠮᠢᠰᠬᠤᠯ ᠢ ᠪᠤᠶ ᠪᠣᠯᠭᠠᠵᠤ ︽ᠤᠬᠠᠭᠤᠯᠭ᠎ᠠ ᠶᠢᠨ | ᠰᠢᠲᠠᠷ᠎ᠠ︾ ᠶᠢ ᠰᠠᠶᠢᠲᠤᠷ ᠲᠠᠯᠪᠢᠪᠠ | ᠤᠷᠢᠳᠠᠪᠠᠷ ᠤᠬᠠᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠵᠠᠷᠣᠳ | ᠤᠨ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ᠂ ᠵᠠᠷᠣᠳ ᠤᠨ ᠨᠡᠶᠢᠲᠡᠯᠡᠯ APP ᠵᠡᠷᠭᠡ ᠲᠠᠪᠴᠠᠩ ᠳᠤ ︽ᠰᠢᠨ᠎ᠡ | ᠦᠵᠡᠯ ᠰᠠᠨᠠᠭ᠎ᠠ ᠶᠢ ᠰᠤᠷᠤᠯᠴᠠᠬᠤ︾ ︽ᠰᠢᠨ᠎ᠡ ᠦᠵᠡᠯ ᠰᠠᠨᠠᠭ᠎ᠠ ᠶᠢ ᠪᠢ ᠣᠩᠰᠢᠵᠤ ᠴᠢ ᠰᠣᠨᠣᠰ︾ ᠭᠡᠬᠦ ᠭᠤᠣᠯ | ᠰᠡᠳᠦᠪᠲᠦ ᠬᠥᠮᠦᠵᠢᠯ ᠤᠨ ᠲᠤᠰᠬᠠᠢ ᠪᠤᠯᠤᠩ ᠭᠠᠷᠭᠠᠵᠤ᠂ ᠨᠠᠮ ᠤᠨ ᠭᠡᠰᠢᠭᠦᠳ ᠤᠨ ᠰᠦᠯᠵᠢᠶ᠎ᠡ ᠶᠢ ᠠᠰᠢᠭᠯᠠᠨ | ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠬᠥᠲᠥᠯᠥᠨ ᠵᠢᠯᠤᠭᠤᠳᠴᠤ᠂ ᠰᠤᠷᠤᠯᠴᠠᠯᠭ᠎ᠠ ᠬᠥᠮᠦᠵᠢᠯ ᠤᠨ ᠬᠠᠮᠤᠷᠬᠤ | ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃ ᠨᠠᠮ ᠤᠨ ᠠᠴᠢ ᠲᠤᠰᠠ ᠶᠢ ᠮᠡᠳᠡᠷᠡᠬᠦ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠳᠠᠭᠠᠬᠤ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ | ᠤᠶᠠᠯᠳᠤᠭᠤᠯᠤᠨ᠂ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠤᠯᠠᠭᠠᠨ ᠳᠠᠭᠤᠤ ᠶᠢᠨ ᠤᠷᠤᠯᠳᠤᠭᠠᠨ᠂ ᠰᠠᠭᠰᠤᠨ | ᠪᠥᠮᠪᠦᠭᠡ ᠶᠢᠨ ᠨᠥᠬᠦᠷᠰᠡᠭ ᠤᠷᠤᠯᠳᠤᠭᠠᠨ ᠵᠡᠷᠭᠡ ᠶᠢ 20 ᠭᠠᠷᠤᠢ ᠤᠳᠠᠭ᠎ᠠ ᠥᠷᠨᠢᠭᠦᠯᠵᠦ᠂ ᠪᠠᠶᠠᠯᠢᠭ ᠰᠠᠶᠢᠬᠠᠨ | ᠰᠣᠶᠣᠯ ᠤᠷᠠᠯᠢᠭ ᠤᠨ ᠠᠵᠢᠯᠯᠠᠭ᠎ᠠ ᠪᠠᠷ ᠳᠠᠮᠵᠢᠨ᠂ ᠥᠷᠭᠡᠨ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠰᠢᠨ᠎ᠡ | ᠠᠮᠢᠳᠤᠷᠠᠯ ᠢ ᠮᠠᠭᠲᠠᠨ ᠰᠠᠶᠢᠰᠢᠶᠠᠵᠤ᠂ ᠭᠤᠣᠯ ᠰᠡᠳᠦᠪᠲᠦ ᠬᠥᠮᠦᠵᠢᠯ ᠢ ᠦᠨᠳᠦᠰᠦᠨ ᠱᠠᠲᠤᠨ ᠤ ᠥᠩ ᠰᠢᠮᠡᠯᠢᠭ | ᠬᠥᠷᠥᠰᠥᠨ ᠳᠤ ᠦᠨᠳᠦᠰᠦᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠠᠷᠠᠳ ᠲᠦᠮᠡᠨ ᠳᠤ | ᠪᠣᠳᠠᠲᠤ ᠶᠠᠪᠤᠳᠠᠯ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠪᠠ᠃ |