︽ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠭᠤᠣᠯᠳᠠᠯᠭ᠎ᠠ ᠨᠢ ᠲᠣᠪᠣᠶᠢᠮ᠎ᠠ | ᠪᠠᠶᠢᠵᠤ᠂ ᠲᠤᠰᠬᠠᠢ ᠮᠡᠷᠭᠡᠵᠢᠯᠲᠡᠳ ᠠᠴᠠ ᠰᠤᠷᠭᠠᠨ ᠬᠥᠮᠦᠵᠢᠯ ᠤᠨ ᠨᠠᠷᠢᠨ ᠤᠴᠢᠷ ᠪᠠ ᠪᠣᠳᠠᠲᠤ ᠪᠠᠶᠢᠳᠠᠯ ᠠᠴᠠ | ᠡᠭᠦᠰᠴᠦ᠂ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠠᠩᠭᠢ ᠶᠢᠨ | ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠲᠡᠷᠢᠭᠦᠨ ᠤ ᠣᠶᠢᠯᠠᠭᠠᠭᠳᠠᠬᠤᠨ ᠪᠠ ᠰᠢᠨᠵᠢᠯᠡᠬᠦ ᠤᠬᠠᠭᠠᠨᠴᠢ ᠠᠷᠭ᠎ᠠ ᠶᠢ | ᠭᠦᠨᠵᠡᠭᠡᠢ ᠪᠥᠭᠡᠳ ᠣᠶᠢᠯᠠᠭᠠᠮᠵᠢᠲᠠᠢ ᠳᠠᠮᠵᠢᠭᠤᠯᠵᠤ᠂ ᠪᠢᠳᠡᠨ ᠳᠤ ᠡᠯᠪᠡᠭ ᠳᠡᠯᠪᠡᠭ ᠣᠯᠣᠯᠲᠠ ᠣᠯᠭᠤᠪᠠ ᠁︾ | ᠭᠡᠵᠦ ᠵᠠᠷᠤᠳ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠨ ᠯᠢ ᠶᠦᠩ ᠬᠡᠯᠡᠪᠡ᠃ | | | | | ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠩᠭᠢ ᠶᠢᠨ ᠬᠠᠮᠢᠶᠠᠷᠤᠯᠲᠠ ᠪᠠ ᠵᠢᠭᠠᠨ | ᠰᠤᠷᠭᠠᠯᠲᠠ ᠬᠥᠮᠥᠨ ᠢ ᠬᠥᠮᠥᠵᠢᠭᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠤᠭᠴᠢᠳ ᠤᠨ ᠦᠵᠡᠯ | ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠤᠨ ᠵᠣᠬᠢᠴᠠᠩᠭᠤᠢ | ᠬᠥᠭᠵᠢᠯᠲᠡ ᠶᠢ ᠠᠬᠢᠭᠤᠯᠵᠦ᠂ ︽ᠪᠥᠬᠦ ᠬᠦᠴᠦᠨ ᠢᠶᠠᠷ ᠢᠶᠠᠨ ᠰᠡᠳᠬᠢᠯ ᠢ ᠬᠥᠮᠥᠵᠢᠭᠦᠯᠵᠦ᠂ ᠪᠥᠬᠦ | ᠰᠡᠳᠬᠢᠯ ᠢᠶᠠᠷ ᠢᠶᠠᠨ ᠬᠥᠮᠥᠨ ᠢ ᠬᠥᠮᠥᠵᠢᠭᠦᠯᠬᠦ︾ ᠰᠤᠷᠭᠠᠨ ᠬᠥᠮᠦᠵᠢᠯ ᠤᠨ ᠰᠠᠶᠢᠨ ᠰᠠᠶᠢᠬᠠᠨ ᠰᠢᠨ᠎ᠡ ᠪᠠᠶᠢᠳᠠᠯ ᠢ ᠪᠣᠶ | ᠪᠤᠯᠭᠠᠬᠤ ᠶᠢᠨ ᠲᠦᠯᠤᠭᠡ᠂ 8 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ | ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ | ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠵᠦ᠂ ᠪᠥᠬᠦ | ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ 826 ᠠᠩᠭᠢ ᠶᠢᠨ ᠡᠷᠬᠢᠯᠡᠭᠴᠢ ᠪᠣᠯᠪᠠᠰᠤᠷᠠᠯ ᠳᠤ ᠤᠷᠤᠯᠴᠠᠪᠠ᠃ | | | | | | ᠪᠣᠯᠪᠠᠰᠤᠷᠠᠭᠤᠯᠤᠯ ᠨᠢ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠶᠢᠨ ᠠᠩᠭᠢ ᠶᠢᠨ ᠬᠠᠮᠢᠶᠠᠷᠤᠯᠲᠠ ᠪᠠ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠥᠷᠢᠶᠡᠲᠦ ᠴᠢᠨᠠᠷ ᠲᠤ ᠰᠠᠭᠤᠷᠢᠯᠠᠨ᠂ 2 ᠬᠤᠭᠤᠴᠠᠭ᠎ᠠ ᠬᠤᠪᠢᠶᠠᠨ | ᠡᠷᠭᠢᠯᠡᠵᠦ᠂ ᠠᠭᠤᠯᠭ᠎ᠠ ᠨᠢ ᠦᠪᠡᠷ ᠦᠪᠡᠷ ᠤᠨ ᠭᠤᠣᠯᠳᠠᠯᠭ᠎ᠠ ᠲᠠᠢ ᠪᠠᠶᠢᠳᠠᠭ᠃ ᠪᠣᠯᠪᠠᠰᠤᠷᠠᠯ ᠤᠨ ᠠᠩᠭᠢ ᠳᠤ᠂ | ᠲᠤᠰᠬᠠᠢ ᠮᠡᠷᠭᠡᠵᠢᠯᠲᠡᠨ ᠡᠷᠳᠡᠮᠲᠡᠳ ᠠᠴᠠ ᠰᠤᠷᠤᠭᠴᠢᠳ ᠤᠨ ᠠᠳᠠᠯᠢ ᠪᠤᠰᠤ ᠱᠠᠲᠤᠨ ᠤ ᠰᠡᠳᠬᠢᠴᠡ ᠪᠠ ᠦᠶᠯᠡ | ᠠᠵᠢᠯᠯᠠᠭ᠎ᠠ ᠶᠢᠨ ᠢᠯᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠩᠭᠢ ᠶᠢᠨ ᠬᠠᠮᠢᠶᠠᠷᠤᠯᠲᠠ ᠶᠢᠨ ᠭᠤᠣᠯᠳᠠᠯᠭ᠎ᠠ | ᠪᠠ ᠰᠢᠨ᠎ᠡ ᠵᠢᠭᠠᠬᠤ ᠮᠠᠲ᠋ᠧᠷᠢᠶᠠᠯ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠬᠤᠢ | ᠪᠠᠶᠢᠳᠠᠯ ᠤᠨ ᠲᠣᠭᠤᠷᠢᠨ ᠳᠤ᠂ ᠵᠢᠭᠠᠨ ᠰᠤᠷᠭᠠᠯᠲᠠ ᠶᠢᠨ ᠠᠵᠢᠯ ᠤᠨ ᠰᠢᠨ᠎ᠡ ᠱᠠᠭᠠᠷᠳᠠᠯᠭ᠎ᠠ ᠳᠤ ᠪᠥᠬᠦ ᠲᠠᠯ᠎ᠠ ᠶᠢᠨ | ᠲᠠᠶᠢᠯᠤᠮᠵᠢ ᠬᠢᠵᠦ᠂ ᠪᠣᠯᠪᠠᠰᠤᠷᠠᠯ ᠳᠤ ᠣᠷᠣᠯᠴᠠᠭᠰᠠᠳ ᠤᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠪᠠ | ᠵᠢᠭᠠᠨ ᠰᠤᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ | ᠪᠣᠯᠪᠠᠰᠤᠷᠠᠭᠤᠯᠤᠯ ᠳᠤ ᠮᠠᠳᠠᠭ ᠲᠠᠢ ᠠᠰᠠᠭᠤᠳᠠᠯ ᠢ ᠬᠠᠷᠢᠭᠤᠯᠵᠤ ᠲᠥᠭᠡᠷᠢᠭᠳᠡᠯ ᠢ ᠲᠠᠶᠢᠯᠬᠤ᠂ ᠦᠢᠯᠡᠳᠦᠯᠴᠡᠨ | ᠰᠣᠯᠢᠯᠴᠠᠬᠤ ᠵᠡᠷᠭᠡ ᠭᠤᠭᠴᠤᠭ᠎ᠠ ᠲᠠᠢ ᠪᠠᠶᠢᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠵᠢᠭᠠᠨ ᠰᠤᠷᠭᠠᠯᠲᠠ ᠶᠢᠨ | ᠬᠠᠨᠳᠤᠯᠭᠠᠲᠤ ᠴᠢᠨᠠᠷ ᠢ ᠴᠢᠩᠭᠠᠳᠬᠠᠬᠤ᠂ ᠠᠩᠭᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠪᠠᠷ ᠭᠠᠷᠳᠠᠬᠤ ᠴᠡᠭ | ᠪᠣᠯᠭᠠᠨ ᠥᠷᠭᠡᠨ ᠢᠶᠠᠷ ᠨᠡᠪᠲᠡᠷᠡᠯᠴᠡᠨ ᠰᠣᠯᠢᠯᠴᠠᠵᠤ᠂ ᠠᠰᠠᠭᠤᠳᠠᠯ ᠳᠤᠷᠠᠳᠬᠤ᠂ ᠠᠷᠭ᠎ᠠ ᠡᠷᠢᠬᠦ᠂ ᠲᠤᠳᠠᠭᠳᠠᠯ ᠢᠶᠠᠨ | ᠨᠥᠬᠦᠪᠦᠷᠢᠯᠡᠬᠦ ᠪᠠᠷ ᠳᠠᠮᠵᠢᠭᠤᠯᠤᠨ᠂ ᠬᠠᠮᠲᠤ ᠪᠠᠷ ᠳᠡᠭᠡᠭᠰᠢᠯᠡᠬᠦ ᠶᠢ ᠠᠬᠢᠭᠤᠯᠪᠠ᠃ ᠬᠤᠰᠢᠭᠤᠨ ᠤ ᠰᠤᠷᠭᠠᠨ | ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠪᠠᠰᠠ ᠲᠤᠰᠬᠠᠶᠢᠯᠠᠨ ᠠᠩᠭᠢ ᠶᠢᠨ ᠡᠷᠬᠢᠯᠡᠭᠴᠢ ᠶᠢᠨ ᠠᠵᠢᠯᠯᠠᠬᠤ ᠲᠠᠰᠤᠭ | ᠪᠦᠯᠬᠦᠮ ᠵᠣᠬᠢᠶᠠᠨ ᠪᠠᠶᠢᠭᠤᠯᠬᠤ ᠲᠤᠬᠠᠢ ᠬᠠᠮᠢᠶ᠎ᠠ ᠪᠦᠬᠦᠢ ᠶᠠᠪᠤᠳᠠᠯ ᠤᠨ ᠲᠠᠯ᠎ᠠ ᠪᠠᠷ ᠪᠣᠯᠪᠠᠰᠤᠷᠠᠯ ᠳᠤ | ᠣᠷᠣᠯᠴᠠᠭᠰᠠᠳ ᠤᠨ ᠰᠠᠨᠠᠯ ᠢ ᠬᠤᠷᠢᠶᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠪᠠᠨ | ᠲᠣᠳᠣᠷᠬᠠᠶᠢᠯᠠᠪᠠ᠃ | | | | | ᠪᠣᠯᠪᠠᠰᠤᠷᠠᠯ ᠤᠨ ᠠᠩᠭᠢ ᠡᠷᠭᠢᠯᠡᠵᠦ ᠪᠠᠶᠢᠭ᠎ᠠ ᠨᠢ ᠵᠥᠪᠬᠡᠨ ᠵᠠᠷᠤᠳ ᠬᠤᠰᠢᠭᠤᠨ ᠤ ᠰᠤᠷᠭᠠᠨ ᠬᠥᠮᠦᠵᠢᠯ | ᠪᠡᠶ᠎ᠡ ᠲᠠᠮᠢᠷ ᠤᠨ ᠲᠣᠪᠴᠢᠶ᠎ᠠ ᠶᠢᠨ ᠠᠩᠭᠢ ᠶᠢᠨ ᠡᠷᠬᠢᠯᠡᠭᠴᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠠ ᠠᠩᠭᠢ ᠶᠢᠨ ᠬᠠᠮᠢᠶᠠᠷᠤᠯᠲᠠ ᠶᠢᠨ ᠠᠵᠢᠯ ᠢ ᠰᠢᠯᠢᠳᠡᠭᠵᠢᠭᠦᠯᠬᠦ ᠶᠢ ᠴᠢᠩᠭ᠎ᠠ ᠠᠳᠬᠤᠭᠰᠠᠨ ᠤ | ᠨᠢᠭᠡᠨ ᠬᠤᠷᠢᠶᠠᠩᠭᠤᠢ ᠳᠦᠷᠰᠦ ᠪᠣᠯᠣᠨ᠎ᠠ᠃ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠰᠤᠷᠭᠠᠨ ᠬᠥᠮᠦᠵᠢᠯ | ᠪᠡᠶ᠎ᠡ ᠲᠠᠮᠢᠷ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠬᠤᠯᠪᠣᠭ᠎ᠠ ᠶᠢ ᠪᠥᠬᠦ ᠲᠠᠯ᠎ᠠ ᠪᠠᠷ | ᠪᠠᠶᠢᠭᠤᠯᠬᠤ᠂ ᠬᠡᠦᠬᠡᠳ ᠤᠨ ᠴᠡᠴᠡᠷᠯᠢᠭ ᠪᠠᠭ᠎ᠠ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢ ᠵᠣᠯᠭᠠᠭᠤᠯᠬᠤ ᠠᠵᠢᠯ᠂ ︽ᠮᠢᠩᠭᠠᠨ ᠪᠠᠭᠰᠢ ᠲᠦᠮᠡᠨ ᠡᠷᠦᠬᠡ ᠶᠢ | ᠰᠤᠷᠪᠤᠯᠵᠢᠯᠠᠬᠤ︾ ᠭᠡᠷ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠥᠷᠨᠢᠭᠦᠯᠬᠦ᠂ ︽ᠨᠠᠷᠠᠲᠤ ᠰᠤᠷᠭᠠᠭᠤᠯᠢ ᠶᠢᠨ | ᠵᠠᠬᠢᠷᠤᠯ ᠨᠠᠷᠠᠲᠤ ᠪᠠᠭᠰᠢ︾ ᠶᠢᠨ ᠠᠵᠢᠯᠯᠠᠬᠤ ᠲᠠᠰᠤᠭ ᠪᠠᠶᠢᠭᠤᠯᠬᠤ ᠵᠡᠷᠭᠡ ᠠᠯᠢ ᠣᠯᠠᠨ ᠪᠦᠲᠦᠮᠵᠢᠲᠡᠶ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ | ᠳᠡᠭᠡᠭᠰᠢᠯᠡᠯᠲᠡ ᠪᠠ ᠰᠣᠷᠣᠭᠴᠢ ᠶᠢᠨ ᠪᠥᠬᠦ ᠲᠠᠯ᠎ᠠ ᠶᠢᠨ᠂ ᠦᠷᠬᠦᠯᠵᠢᠯᠡᠬᠦᠶᠢᠴᠡ ᠬᠥᠭᠵᠢᠯᠲᠡ ᠶᠢ ᠪᠦᠲᠦᠮᠵᠢᠲᠡᠶ | ᠠᠬᠢᠭᠤᠯᠪᠠ᠃ | ︽ᠪᠢᠳᠡ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠤᠯ ᠤᠨ ᠨᠠᠷᠢᠯᠢᠭ ᠣᠨᠣᠪᠴᠢᠲᠤ ᠴᠢᠨᠠᠷ ᠢ | ᠲᠠᠰᠤᠷᠠᠯᠲᠠ ᠦᠭᠡᠢ ᠴᠢᠩᠭᠠᠳᠬᠠᠨ᠂ ᠠᠩᠭᠢ ᠶᠢᠨ ᠡᠷᠬᠢᠯᠡᠭᠴᠢ ᠶᠢᠨ ᠠᠵᠢᠯ ᠢ ᠪᠠᠷᠢᠮᠵᠢᠶᠠᠵᠢᠭᠤᠯᠬᠤ᠂ ᠰᠢᠨᠵᠢᠯᠡᠬᠦ | ᠤᠬᠠᠭᠠᠨᠴᠢᠯᠠᠬᠤ᠂ ᠨᠠᠷᠢᠯᠢᠭ ᠣᠨᠣᠴᠠᠲᠠᠢ ᠪᠣᠯᠭᠠᠬᠤ ᠶᠢ ᠬᠦᠴᠦᠯᠡᠨ ᠠᠬᠢᠭᠤᠯᠵᠤ᠂ ᠬᠤᠰᠢᠭᠤᠨ ᠤ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠬᠦᠴᠦᠨ | ᠴᠢᠳᠠᠯ ᠢᠶᠠᠨ ᠡᠷᠭᠦᠨ᠎ᠡ︕︾ ᠭᠡᠵᠦ ᠬᠤᠰᠢᠭᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃ |