ᠳ᠋ᠢᠩ ᡁᠢ ᠭᠠᠩ ᠪᠦᠯᠬᠦᠮ ᠳᠠᠭᠠᠭᠤᠯᠤᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/8/30
     ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠦᠯᠬᠦᠮ ᠳᠠᠭᠠᠭᠤᠯᠤᠨ ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ᠂ ᠥᠪᠥᠷ ᠮᠣᠩᠭᠤᠯ ᠤᠨ ᠬᠤᠩ ᠹᠠ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠᠪᠤᠯᠪᠠ᠃      
微信图片_20230830101744.jpg
     ᠰᠤᠷᠭᠠᠭᠤᠯᠢ ᠶᠢᠨ ᠬᠤᠭᠤᠯᠠᠨ ᠭᠡᠷ ᠪᠣᠯ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ᠲᠤ᠂ ᠳ᠋ᠢᠩ ᡁᠢ ᠭᠠᠩ ᠬᠠᠮᠳᠤ ᠶᠠᠪᠤᠭᠰᠠᠳ ᠲᠠᠢ ᠪᠠᠨ ᠬᠤᠭᠤᠯᠠᠨ ᠭᠡᠷ ᠤᠨ ᠡᠯ᠎ᠡ ᠵᠦᠢᠯ ᠤᠨ ᠲᠥᠬᠦᠭᠡᠷᠦᠮᠵᠢ ᠶᠢ ᠠᠬᠤᠢ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠤᠭᠤᠯᠠ ᠬᠠᠩᠭᠠᠬᠤ ᠨᠢᠭᠡᠴᠡ ᠂ ᠢᠳᠡᠭᠡᠨ ᠬᠤᠳᠠᠯᠳᠤᠨ ᠠᠪᠴᠤ ᠬᠠᠳᠠᠭᠠᠯᠠᠬᠤ᠂ ᠡᠳ᠋ᠰᠢᠭᠦᠯᠦᠨ ᠦᠢᠯᠡᠳᠬᠦ᠂ ᠢᠳᠡᠭᠡᠨ ᠤ ᠥᠯᠢᠭᠡᠷ ᠡᠳ᠋ ᠦᠯᠡᠳᠡᠭᠡᠬᠦ ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠢᠳᠡᠭᠡᠨ ᠨᠢ ᠴᠢᠨᠠᠷ ᠢ ᠪᠠᠲᠤᠯᠠᠬᠤ ᠬᠤᠭᠤᠴᠠᠭᠠᠨ ᠳᠤ ᠪᠠᠶᠢᠬᠤ ᠡᠰᠡᠬᠦ ᠵᠢᠴᠢ ᠡᠯ᠎ᠡ ᠲᠥᠷᠥᠯ ᠤᠨ ᠡᠬᠡ ᠲᠠᠩᠰᠠ ᠪᠦᠷᠢᠨ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳ᠋ᠢᠩ ᡁᠢ ᠭᠠᠩ ᠴᠢᠬᠤᠯᠠᠴᠢᠯᠠᠭᠰᠠᠨ ᠨᠢ᠂ ᠰᠤᠷᠭᠠᠭᠤᠯᠢ ᠨᠤᠭᠤᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠢᠳᠡᠭᠡᠨ ᠤ ᠠᠮᠤᠷ ᠲᠦᠪᠰᠢᠨ ᠢ ᠰᠤᠯᠠᠷᠠᠭᠤᠯᠤᠯ ᠦᠭᠡᠢ ᠠᠩᠬᠠᠷᠴᠤ᠂ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢ ᠴᠢᠩᠭᠠᠳᠬᠠᠨ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠦᠨ ᠦᠢᠯᠡᠳᠬᠦ᠂ ᠪᠦᠲᠦᠭᠡᠭᠳᠡᠬᠦᠨ ᠪᠤᠯᠭᠠᠨ ᠦᠢᠯᠡᠳᠬᠦ᠂ ᠳᠠᠭᠠᠯᠲᠠ ᠨᠣᠭᠤᠭ᠎ᠠ ᠶᠢ ᠰᠢᠷᠡᠭᠡᠨ ᠳᠤ ᠭᠠᠷᠭᠠᠬᠤ ᠬᠦᠷᠳᠡᠯᠡᠬᠢ ᠪᠥᠬᠦ ᠶᠠᠪᠤᠴᠠ ᠶᠢᠨ ᠠᠮᠤᠷ ᠲᠦᠪᠰᠢᠨ ᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ︽ᠠᠳᠡᠯ ᠦᠭᠡᠢ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠢᠳᠡᠭᠡᠨ ᠤᠮᠳᠠᠭᠠᠨ ᠤ ᠡᠯ᠎ᠡ ᠪᠣᠭᠤᠮᠲᠠ ᠶᠢ ᠴᠢᠩᠭ᠎ᠠ ᠠᠳᠬᠤᠵᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ᠂ ᠳᠠᠯᠳᠠ ᠬᠡᠮ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠦᠨ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠶᠠᠪᠤᠴᠠ ᠳᠤ ᠪᠥᠬᠦ ᠬᠡᠯᠬᠢᠶ᠎ᠡ ᠪᠠᠷ ᠥᠷᠨᠢᠭᠦᠯᠵᠦ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠪᠡ᠃     
微信图片_20230830101736.jpg
     ᠬᠤᠩ ᠹᠠ ᠢᠳᠡᠭᠡᠨ ᠤ ᠬᠢᠵᠠᠭᠠᠷᠲᠤ ᠺᠣᠮᠫᠠᠨᠢ ᠳᠤ᠂ ᠳ᠋ᠢᠩ ᡁᠢ ᠭᠠᠩ ᠠᠴᠠ᠂ ᠠᠵᠤ ᠠᠬᠤᠶᠢᠯᠠᠯ ᠤᠨ ᠬᠢᠨ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠤᠬᠠᠮᠰᠠᠷ ᠢ ᠪᠤᠢ ᠪᠣᠯᠭᠠᠵᠤ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠲᠦᠭᠰᠢᠭᠦᠷᠢ ᠶᠢ ᠨᠢ ᠴᠢᠩᠭ᠎ᠠ ᠡᠵᠡᠮᠳᠡᠬᠦ ᠶᠢ ᠪᠠᠷᠢᠮᠲᠠᠯᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾  ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠪᠠ ᠢᠳᠡᠭᠡᠨ ᠤ ᠠᠮᠤᠷ ᠲᠦᠪᠰᠢᠨ ᠤ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠤᠭᠰᠠᠨ ᠢᠷᠡᠯᠲᠡ ᠶᠢ ᠨᠡᠬᠡᠮᠵᠢᠯᠡᠵᠦ ᠲᠡᠶᠢᠯᠬᠦ ᠶᠢ ᠦᠨᠡᠨᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号