| ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠭᠤᠣᠯᠳᠠᠯᠭ᠎ᠠ ᠪᠣᠯᠣᠨ᠎ᠠ᠃ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠶᠢᠨ ᠲᠥᠯᠥᠭᠡ᠂ ᠰᠢᠶᠠᠩᠱᠠᠨ ᠲᠠᠷᠢᠶᠠᠯᠠᠩ ᠤᠨ ᠲᠠᠯᠠᠪᠠᠢ ᠬᠢᠨ ᠮᠠᠯ ᠠᠵᠤ ᠠᠬᠤᠢ | ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠮᠠᠯ ᠠᠵᠤ ᠠᠬᠤᠢ | ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠡᠭᠦᠳᠴᠦ᠂ ᠮᠠᠯ ᠠᠵᠤ ᠠᠬᠤᠢ | ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ | ᠳᠠᠶᠢᠴᠢᠯᠠᠵᠤ᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠣᠨᠴᠠᠯᠢᠭᠲᠤ ᠮᠠᠯ ᠠᠵᠤ ᠠᠬᠤᠢ ᠶᠢᠨ ᠪᠦᠲᠦᠭᠡᠭᠳᠡᠭᠦᠨ ᠤ | ᠨᠡᠷᠡᠲᠦ ᠲᠡᠮᠳᠡᠭᠲᠦ ᠶᠢ ᠪᠠᠶᠢᠭᠤᠯᠪᠠ᠃ | | | ︽ᠥᠪᠡᠷᠮᠢᠴᠡ ᠣᠨᠴᠠᠯᠢᠭ ᠲᠠᠢ︾ ᠪᠠᠶᠢᠬᠤ ᠪᠠᠷ ᠤᠳᠤᠷᠢᠳᠤᠮᠵᠢ ᠪᠣᠯᠭᠠᠵᠤ᠂ ᠨᠡᠷᠡᠨ ᠬᠤᠸᠠᠷ ᠤᠨ ᠠᠵᠤ | ᠦᠢᠯᠡᠰ ᠤᠨ ᠦᠷᠭᠦᠯᠵᠢᠯᠡᠨ ᠲᠠᠰ ᠳᠡᠪᠰᠢᠬᠦ ᠶᠢ ᠠᠬᠢᠭᠤᠯᠪᠠ | ᠰᠢᠶᠠᠩᠱᠠᠨ ᠲᠠᠷᠢᠶᠠᠯᠠᠩ ᠤᠨ ᠲᠠᠯᠠᠪᠠᠶ ᠨᠢ ᠤᠤᠯ ᠠᠴᠠ ᠪᠠᠨ ︽ᠨᠡᠷᠡᠨ ᠬᠤᠸᠠᠷ ᠤᠨ ᠨᠤᠲᠤᠭ︾ ᠭᠡᠰᠡᠨ | ᠰᠠᠶᠢᠬᠠᠨ ᠠᠯᠳᠠᠷᠲᠠᠢ ᠶᠤᠮ᠃ 2010 ᠣᠨ ᠳᠤ ︽ᠵᠠᠷᠣᠳ ᠨᠡᠷᠡᠨ ᠬᠤᠸᠠᠷ ︾ ᠤᠯᠤᠰ ᠤᠨ ᠭᠠᠵᠠᠷ ᠵᠦᠢ ᠶᠢᠨ | ᠪᠡᠯᠭᠡ ᠲᠡᠮᠳᠡᠭ ᠤᠨ ᠭᠡᠷᠡᠴᠢᠯᠡᠯ ᠣᠯᠣᠭᠰᠠᠨ ᠲᠠᠸᠠᠷ ᠤᠨ ᠲᠡᠮᠳᠡᠭ ᠢᠶᠠᠷ ᠠᠮᠵᠢᠯᠲᠠ ᠲᠠᠢ ᠪᠠᠷ ᠳᠠᠩᠰᠠᠯᠠᠭᠤᠯᠪᠠ᠃ | ᠭᠠᠵᠠᠷ ᠣᠷᠣᠨ ᠤ ᠲᠡᠮᠳᠡᠭ ᠭᠡᠬᠦ ᠡᠨᠡᠬᠦ ︽ᠠᠯᠲᠠᠨ ᠲᠦᠯᠬᠢᠭᠦᠷ︾ ᠲᠤ ᠲᠦᠰᠢᠭᠯᠡᠨ᠂ ᠭᠠᠵᠠᠷ ᠣᠷᠣᠨ ᠤ ᠲᠡᠮᠳᠡᠭ | ᠪᠦᠬᠦᠢ ᠦᠢᠯᠡᠳᠬᠦᠨ ᠢ ᠨᠡᠭᠡᠭᠡᠨ ᠬᠥᠭᠵᠢᠭᠦᠯᠬᠦ᠂ ᠰᠤᠳᠤᠯᠬᠤ ᠪᠠ ᠳᠡᠯᠭᠡᠷᠡᠭᠦᠯᠬᠦ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠦᠢᠯᠡᠳᠬᠦᠨ ᠤ ︽ᠨᠠᠶᠢᠵᠠ ᠶᠢᠨ ᠬᠦᠷᠢᠶ᠎ᠡ | ︾ ᠶᠢ ᠥᠷᠭᠡᠳᠬᠡᠵᠦ᠂ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ᠬᠥᠳᠡᠭᠡ ᠲᠣᠰᠬᠤᠨ ᠠᠴᠠ ᠭᠠᠳᠠᠭᠰᠢ ᠭᠠᠷᠬᠤ ᠵᠠᠮ ᠢ ᠦᠷᠭᠡᠳᠭᠡᠪᠡ᠃ | | | ᠣᠶᠢᠷ᠎ᠠ ᠶᠢᠨ ᠵᠢᠯ ᠳᠤ᠂ ᠰᠢᠶᠠᠩᠱᠠᠨ ᠲᠠᠷᠢᠶᠠᠯᠠᠩ ᠤᠨ ᠲᠠᠯᠠᠪᠠᠶ ᠬᠢᠨ ᠤᠷᠢᠳ ᠬᠤᠵᠢᠳ 700 ᠭᠠᠷᠤᠢ | ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ︵ᠵᠣᠯᠭᠠᠭᠤᠯᠬᠤ ᠪᠡᠯᠡ ᠮᠥᠩᠭᠦ︶ ᠣᠷᠣᠭᠤᠯᠵᠤ᠂ | ᠨᠡᠷᠡᠨ ᠬᠤᠸᠠᠷ ᠢ ᠭᠦᠨ ᠪᠣᠯᠪᠠᠰᠤᠷᠠᠭᠤᠯᠬᠤ 2 ᠦᠢᠯᠡᠳᠪᠦᠷᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠪᠠ ᠪᠡᠯᠡ ᠮᠥᠩᠭᠦ ᠶᠢᠨ ᠳᠡᠮᠵᠢᠯᠭᠡ ᠶᠢ ᠲᠦᠰᠢᠭᠯᠡᠨ᠂ ᠣᠯᠠᠨ ᠲᠦᠮᠡᠨ ᠤ ᠳᠠᠷᠢᠬᠤ ᠲᠠᠯᠠᠪᠠᠶ ᠪᠠᠨ | ᠥᠷᠭᠡᠳᠬᠡᠬᠦ ᠶᠢ ᠵᠣᠷᠢᠭᠵᠢᠭᠤᠯᠵᠤ᠂ ᠨᠡᠷᠡᠨ ᠬᠤᠸᠠᠷ ᠤᠨ ᠲᠠᠷᠢᠮᠠᠯ ᠵᠢᠴᠢ ᠬᠠᠭᠤᠷᠠᠨ ᠡᠳ᠋ᠰᠢᠭᠦᠯᠬᠦ ᠶᠢ ᠬᠦᠴᠦᠯᠡᠨ | ᠬᠥᠭᠵᠢᠭᠦᠯᠵᠦ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠶᠢ 1000 ᠲᠦᠮᠡᠨ ᠵᠢᠩ ᠠᠴᠠ ᠳᠡᠭᠡᠭᠰᠢ ᠬᠦᠷᠭᠡᠵᠦ᠂ | ᠲᠤᠰ ᠲᠠᠯᠠᠪᠠᠶ ᠵᠢᠴᠢ ᠡᠷᠭᠢᠨ ᠲᠣᠭᠤᠷᠢᠨ ᠤ ᠰᠢᠶᠠᠩ ᠪᠠᠯᠭᠠᠰᠤᠨ ᠳᠤ 2 ᠲᠦᠮᠡᠨ ᠮᠦ ᠨᠡᠷᠡᠨ ᠬᠤᠸᠠᠷ ᠤᠨ | ᠦᠢᠯᠡᠳᠬᠦᠨ ᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢᠶᠠᠷ ᠪᠦᠬᠦ ᠤᠯᠤᠰ ᠤᠨ | ᠡᠯ᠎ᠡ ᠭᠠᠵᠠᠷ ᠲᠤ ᠪᠣᠷᠣᠯᠠᠭᠤᠯᠵᠤ᠂ 180 ᠤᠯᠠᠨ ᠲᠦᠮᠡᠨ ︵ᠡᠭᠦᠨ ᠳᠤ ᠶᠠᠳᠠᠭᠤ ᠠᠴᠠ ᠠᠩᠭᠢᠵᠢᠷᠠᠭᠰᠠᠨ 37 | ᠬᠦᠮᠦᠰ︶ ᠢ ᠲᠠᠶᠢᠴᠢᠯᠠᠨ ᠭᠡᠷ ᠤᠨ ᠡᠭᠦᠳᠡᠨ ᠳᠤ ᠠᠵᠢᠯ ᠣᠯᠭᠤᠵᠤ᠂ ᠲᠠᠷᠢᠬᠤ᠂ ᠬᠤᠳᠠᠯᠳᠤᠨ ᠠᠪᠬᠤ᠂ | ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ | ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ ᠠᠵᠤ ᠠᠬᠤᠶᠢᠯᠠᠯ ᠠᠴᠠ ᠳᠠᠭᠠᠭᠤᠯᠬᠤ ᠳᠤᠷᠠᠲᠠᠢ᠂ ᠲᠠᠷᠢᠶᠠᠴᠢᠨ ᠠᠴᠠ | ᠡᠷᠦᠭᠡ ᠲᠠᠭᠠᠬᠤ ᠳᠤᠷᠠᠲᠠᠢ᠂ ᠠᠰᠢᠭ ᠲᠤᠰᠠ ᠶᠢᠨ ᠬᠤᠯᠪᠣᠭ᠎ᠠ ᠴᠢᠩᠭ᠎ᠠ᠂ ᠵᠠᠬ᠎ᠠ ᠳᠡᠯᠭᠡᠭᠦᠷ ᠢ ᠶᠡᠭᠡ ᠪᠠᠷ ᠬᠢᠬᠦ ︽ | ᠬᠠᠮᠲᠤᠪᠠᠷ ᠣᠷᠣᠰᠢᠨ ᠬᠠᠮᠲᠤᠪᠠᠷ ᠤᠷᠤᠭᠰᠢᠯᠠᠬᠤ︾ ᠪᠠᠶᠢᠷᠢᠰᠢᠯ ᠢ ᠪᠡᠶᠡᠯᠡᠭᠦᠯᠵᠦ᠂ ᠲᠤᠬᠠᠢ ᠶᠢᠨ ᠭᠠᠵᠠᠷ ᠤᠨ | ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠨᠡᠬᠡᠬᠡᠪᠡ᠃ | | | ︽ᠦᠢᠯᠡᠴᠢᠯᠡᠭᠡ ᠶᠢ ᠪᠣᠳᠠᠲᠠᠶᠢᠵᠢᠭᠤᠯᠬᠤ︾ ᠪᠠᠷ ᠲᠦᠰᠢᠭ ᠪᠣᠯᠭᠠᠵᠤ᠂ ᠠᠯᠠᠰᠢᠨ ᠦᠬᠡᠷ ᠤᠨ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ | ᠰᠢᠶᠠᠩᠱᠠᠨ ᠲᠠᠷᠢᠶᠠᠯᠠᠩ ᠤᠨ ᠲᠠᠯᠠᠪᠠᠢ ᠬᠢᠨ ︽ᠭᠤᠷᠪᠠ ᠶᠢ ᠠᠬᠢᠭᠤᠯᠵᠤ ᠬᠤᠶᠠᠷ ᠢ ᠳᠡᠮᠵᠢᠵᠦ ᠨᠢᠭᠡ ᠶᠢ | ᠡᠭᠦᠳᠬᠦ︾ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠪᠠᠨ ᠰᠠᠭᠤᠷᠢᠯᠠᠵᠤ᠂ ᠮᠠᠯ ᠰᠦᠷᠦᠭ ᠢᠶᠠᠨ | ᠥᠷᠭᠡᠳᠬᠡᠨ ᠨᠡᠮᠡᠭᠳᠡᠯ ᠢ ᠠᠬᠢᠭᠤᠯᠬᠤ ᠪᠠᠷ ᠭᠤᠣᠯ ᠱᠤᠭᠤᠮ ᠪᠣᠯᠭᠠᠵᠤ᠂ ᠰᠠᠶᠢᠨ ᠡᠭᠦᠯᠳᠡᠷ ᠢ ᠪᠣᠶᠢᠵᠢᠭᠤᠯᠬᠤ ᠪᠠᠷ | ᠭᠤᠣᠯᠳᠠᠯᠭ᠎ᠠ ᠪᠣᠯᠭᠠᠵᠤ᠂ ᠡᠪᠡᠰᠦ ᠮᠠᠯ ᠢ ᠲᠡᠩᠴᠡᠭᠦᠷᠢᠲᠡᠢ ᠪᠠᠶᠢᠯᠭᠠᠬᠤ ᠪᠠᠷ ᠰᠠᠭᠤᠷᠢ ᠪᠣᠯᠭᠠᠵᠤ᠂ ᠡᠬᠢ ᠪᠠᠶᠠᠯᠢᠭ ᠤᠨ | ᠳᠠᠪᠠᠭᠤᠯᠢᠭ ᠪᠠᠨ ᠥᠷᠭᠡᠳᠬᠡᠵᠦ᠂ ᠲᠦᠷᠦ ᠶᠢᠨ ᠪᠣᠳᠣᠯᠭ᠎ᠠ ᠪᠠᠷ ᠳᠠᠶᠢᠴᠢᠯᠠᠬᠤ ᠶᠢ ᠴᠢᠩᠭᠠᠳᠬᠠᠵᠤ᠂ | ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠲᠦᠷᠦᠭᠦᠯᠡᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠴᠢᠩᠭ᠎ᠠ ᠨᠢᠮᠪᠠᠢ ᠲᠦᠷᠭᠡᠨ ᠪᠣᠳᠠᠲᠠᠢ ᠪᠠᠷ ᠮᠥᠷᠳᠡᠨ ᠨᠠᠶᠢᠳᠠᠪᠤᠷᠢᠵᠢᠭᠤᠯᠵᠤ᠂ ᠪᠦᠬᠦ ᠲᠠᠯᠠᠪᠠᠢ ᠶᠢᠨ | ᠦᠬᠡᠷ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃ | ᠲᠠᠯᠠᠪᠠᠶ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠶᠠᠷᠢ ᠲᠠᠯᠠᠪᠠᠶ ᠳᠤ | ᠭᠦᠨᠵᠡᠭᠡᠶᠢᠷᠡᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ ᠬᠢᠵᠦ᠂ ᠲᠡᠵᠢᠭᠡᠪᠦᠷᠢ ᠶᠢᠨ | ᠲᠥᠷᠥᠯ ᠵᠦᠢᠯ᠂ ᠳᠠᠮ ᠬᠦᠦ ᠲᠠᠢ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ | ᠲᠠᠶᠢᠯᠤᠮᠵᠢ ᠬᠢᠵᠦ᠂ ᠠᠵᠢᠯᠲᠠᠨ ᠠᠵᠢᠯᠴᠢᠨ ᠲᠦᠮᠡᠨ ᠳᠤ ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢ ᠴᠠᠭ ᠲᠤᠬᠠᠢ ᠳᠤᠨᠢ ᠡᠵᠡᠮᠰᠢᠭᠦᠯᠦᠨ᠂ ᠥᠷᠭᠡᠨ ᠣᠯᠠᠨ ᠲᠦᠮᠡᠨ ᠤ ᠦᠬᠡᠷ ᠲᠡᠵᠢᠭᠡᠬᠦ ᠢᠳᠡᠪᠬᠢᠵᠢᠯ ᠢ | ᠭᠦᠢᠴᠡᠳ ᠳᠠᠶᠢᠴᠢᠯᠠᠵᠤ᠂ ᠠᠵᠠ ᠲᠣᠬᠢᠶᠠᠯ ᠢ ᠠᠮᠵᠢᠨ᠂ ᠨᠥᠬᠦᠴᠡᠯ ᠪᠦᠷᠢᠯᠳᠦᠭᠦᠯᠵᠦ ᠪᠠᠶᠢᠭᠠᠳ ᠦᠬᠡᠷ ᠤᠨ ᠠᠵᠤ | ᠦᠢᠯᠡᠰ ᠢ ᠠᠬᠢᠭᠤᠯᠬᠤ ᠥᠷᠨᠢᠯᠲᠡ ᠶᠢ ᠪᠣᠶ ᠪᠣᠯᠭᠠᠪᠠ᠃ ᠮᠡᠷᠭᠡᠵᠢᠯ ᠴᠠᠭᠠᠷᠠᠭᠰᠠᠨ ᠮᠠᠯ ᠠᠵᠤ ᠠᠬᠤᠢ ᠶᠢᠨ | ᠥᠷᠲᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠢ ᠰᠣᠩᠭᠤᠨ᠂ ᠠᠶᠢᠯ ᠲᠣᠰᠬᠤᠨ ᠳᠤ ᠣᠴᠢᠭᠤᠯᠤᠨ᠂ ᠮᠠᠯ ᠤᠨ | ᠬᠠᠰᠢᠶ᠎ᠠ ᠰᠠᠷᠠᠪᠴᠢ ᠳᠤ ᠬᠦᠷᠴᠦ᠂ ᠣᠯᠠᠨ ᠲᠦᠮᠡᠨ ᠤ ᠮᠠᠯ ᠤᠨ ᠬᠠᠰᠢᠶ᠎ᠠ ᠰᠠᠷᠠᠪᠴᠢ ᠪᠠᠷᠢᠬᠤ ᠭᠠᠵᠠᠷ ᠰᠣᠩᠭᠤᠨ | ᠪᠠᠶᠢᠭᠤᠯᠬᠤ᠂ ᠡᠪᠡᠰᠦ ᠪᠣᠷᠳᠤᠭ᠎ᠠ ᠳᠠᠷᠢᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠢᠴᠢ ᠮᠠᠯ ᠤᠨ ᠳᠠᠭᠠᠳᠬᠠᠯ ᠢ | ᠭᠦᠢᠴᠡᠳᠬᠡᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠲᠡᠵᠢᠭᠡᠬᠦ | ᠶᠠᠪᠤᠴᠠ ᠳᠤ ᠢᠯᠡᠷᠡᠭᠰᠡᠨ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠡᠭᠦᠨ ᠤ | ᠬᠠᠮᠲᠤ᠂ ᠡᠯ᠎ᠡ ᠲᠣᠮᠣ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠬᠦᠮ᠂ ᠲᠦᠷᠭᠡᠨ᠂ ᠠᠮᠤᠷ ᠲᠦᠪᠰᠢᠨ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠣᠯᠠᠨ ᠲᠦᠮᠡᠨ ᠤ ᠭᠡᠷ ᠤᠨ ᠡᠭᠦᠳᠡᠨ ᠳᠤ ᠨᠢ ᠬᠦᠷᠭᠡᠵᠦ | ᠢᠳᠡᠪᠬᠢᠲᠡᠢ ᠪᠠᠷ ᠵᠣᠯᠭᠠᠭᠤᠯᠵᠤ᠂ ᠣᠯᠠᠨ ᠲᠦᠮᠡᠨ ᠤ ᠪᠡᠯᠡ ᠮᠥᠩᠭᠦ ᠳᠤᠲᠠᠭᠳᠠᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ᠃ ᠵᠢᠯ ᠤᠨ ᠳᠣᠲᠣᠷ᠎ᠠ᠂ 3 ᠵᠠᠭᠤᠨ ᠲᠣᠯᠣᠭᠠᠢ ᠠᠴᠠ ᠳᠡᠭᠡᠭᠰᠢᠬᠢ ᠲᠡᠵᠢᠭᠡᠪᠦᠷᠢ ᠶᠢᠨ ᠵᠢᠱᠢᠶ᠎ᠡ | ᠦᠵᠡᠭᠦᠯᠬᠦ ᠲᠠᠯᠠᠪᠠᠶ᠂ 10 ᠲᠡᠵᠢᠭᠡᠪᠦᠷᠢ ᠶᠢᠨ ᠵᠢᠱᠢᠶ᠎ᠡ ᠦᠵᠡᠭᠦᠯᠬᠦ ᠡᠷᠦᠬᠡ ᠶᠢ ᠪᠠᠶᠢᠭᠤᠯᠵᠤ᠂ ᠪᠥᠬᠦ ᠲᠠᠯᠠᠪᠠᠶ ᠶᠢᠨ | ᠦᠬᠡᠷ ᠤᠨ ᠲᠤᠭ᠎ᠠ ᠶᠢ 1300 ᠠᠴᠠ ᠳᠡᠭᠡᠭᠰᠢ ᠪᠣᠯᠭᠠᠨ ᠨᠡᠮᠡᠭᠳᠡᠭᠦᠯᠬᠦ ᠶᠢ ᠲᠠᠶᠢᠴᠢᠯᠠᠪᠠ᠃ | ︽ᠦᠷ᠎ᠡ ᠠᠰᠢᠭ ᠲᠠᠢ︾ ᠪᠠᠷ ᠬᠠᠷᠠᠯᠲᠠ ᠪᠣᠯᠭᠠᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠦᠷᠭᠡᠨ | ᠬᠥᠭᠵᠢᠯᠲᠡ ᠶᠢ ᠠᠬᠢᠭᠤᠯᠪᠠ | ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠨᠠᠮ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠠᠴᠠ ᠬᠦᠷᠢᠶ᠎ᠡ | ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠠᠷ ᠲᠠᠷᠢᠶᠠᠯᠠᠩ ᠢ ᠳᠡᠮᠵᠢᠵᠦ ᠣᠷᠣᠯᠭ᠎ᠠ ᠶᠢ ᠨᠡᠮᠡᠭᠳᠡᠭᠦᠯᠬᠦ ᠬᠦᠴᠦᠲᠡᠢ | ᠰᠢᠵᠢᠮ ᠪᠣᠯᠭᠠᠵᠤ᠂ ᠨᠠᠷᠢᠨ ᠨᠢᠮᠪᠠᠢ ᠲᠥᠯᠥᠪᠯᠡᠵᠦ᠂ ᠨᠠᠷᠢᠨ ᠨᠢᠭᠲᠠ ᠠᠬᠢᠭᠤᠯᠵᠤ᠂ ᠲᠤᠬᠠᠢ ᠶᠢᠨ ᠭᠠᠵᠠᠷ ᠤᠨ ᠡᠬᠢ | ᠪᠠᠶᠠᠯᠢᠭ ᠤᠨ ᠳᠠᠪᠠᠭᠤᠯᠢᠭ ᠪᠠ ᠳᠠᠪᠠᠭᠤᠯᠢᠭ ᠨᠥᠬᠦᠴᠡᠯ᠂ ᠲᠠᠷᠢᠶᠠᠴᠢᠨ ᠡᠷᠦᠬᠡ ᠶᠢᠨ ᠬᠥᠳᠡᠯᠮᠦᠷᠢᠯᠡᠬᠦ ᠴᠢᠳᠠᠪᠤᠷᠢ ᠪᠠ | ᠤᠷ᠎ᠠ ᠴᠢᠳᠠᠪᠤᠷᠢ ᠶᠢᠨ ᠣᠨᠴᠠ ᠴᠢᠳᠠᠪᠤᠷᠢ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠲᠥᠷᠥᠯ ᠬᠤᠪᠢᠶᠠᠨ | ᠵᠢᠯᠤᠭᠤᠳᠬᠤ ᠶᠢ ᠥᠷᠨᠢᠭᠦᠯᠵᠦ᠂ ᠣᠨᠴᠠᠯᠢᠬᠵᠢᠭᠰᠠᠨ᠂ ᠵᠦᠷᠢᠶᠡᠴᠢᠯᠡᠭᠰᠡᠨ ᠬᠦᠷᠢᠶ᠎ᠡ ᠬᠠᠰᠢᠶ᠎ᠠ ᠶᠢᠨ ᠠᠵᠤ | ᠠᠬᠤᠢ ᠶᠢᠨ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠯᠤᠭ᠎ᠠ ᠬᠠᠷᠢᠯᠴᠠᠨ | ᠤᠶᠠᠯᠳᠤᠭᠤᠯᠬᠤ ᠶᠢ ᠨᠢᠭᠡᠳᠦᠯᠲᠡᠢ ᠲᠥᠯᠥᠪᠯᠡᠨ᠂ ᠭᠡᠷ ᠪᠠᠶᠢᠰᠢᠩ ᠤᠨ ᠠᠷᠤ ᠥᠪᠥᠷ ᠤᠨ ︽ᠣᠯᠠᠨ ᠵᠢᠯ ᠲᠠᠷᠢᠭᠰᠠᠨ | ᠦᠭᠡᠢ︾ ᠰᠤᠯᠠ ᠭᠠᠵᠠᠷ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠣᠨᠴᠠᠯᠢᠭᠲᠤ ᠲᠡᠵᠢᠭᠡᠪᠦᠷᠢ᠂ ᠢᠳᠡᠰᠢᠨ | ᠨᠣᠭᠤᠭ᠎ᠠ ᠶᠢᠨ ᠲᠠᠷᠢᠮᠠᠯ ᠤᠨ ᠦᠢᠯᠡᠰ ᠵᠡᠷᠭᠡ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠠᠵᠤ ᠦᠢᠯᠡᠰ ᠢ ᠶᠡᠬᠡᠪᠡᠷ | ᠬᠦᠭᠵᠢᠭᠦᠯᠪᠡ᠃ | ᠣᠳᠣᠬᠠᠨ ᠳᠤ ᠲᠠᠬᠢᠶ᠎ᠠ᠂ ᠨᠤᠭᠤᠰᠤ᠂ ᠭᠠᠯᠠᠭᠤ᠂ ᠭᠠᠭ᠋ᠠᠢ ᠲᠡᠵᠢᠭᠡᠬᠦ ᠪᠠᠷ ᠭᠤᠣᠯ ᠪᠣᠯᠭᠠᠭᠰᠠᠨ ︽ | ᠲᠡᠵᠢᠭᠡᠪᠦᠷᠢ ᠶᠢᠨ ᠬᠡᠯᠪᠡᠷᠢ︾᠂ ᠭᠤᠸ᠎ᠠ ᠵᠢᠮᠢᠰ᠂ ᠡᠩ ᠤᠨ ᠢᠳᠡᠰᠢᠨ ᠨᠣᠭᠤᠭ᠎ᠠ ᠲᠠᠷᠢᠬᠤ ᠪᠠᠷ ᠭᠤᠣᠯ ᠪᠣᠯᠭᠠᠭᠰᠠᠨ | ︽ᠲᠠᠷᠢᠮᠠᠯ ᠤᠨ ᠬᠡᠯᠪᠡᠷᠢ︾᠂ ᠳ᠋ᠧᠦᠹᠦ᠋᠂ ᠨᠢᠶᠠᠩ ᠪᠣᠤᠪᠤ᠂ ᠮᠠᠨᠲᠠᠤ᠂ ᠮᠤᠰᠬᠢᠶ᠎ᠠ ᠮᠠᠨᠲᠠᠤ ᠪᠣᠯᠪᠠᠰᠤᠷᠠᠭᠤᠯᠬᠤ | ᠦᠢᠯᠡᠳᠬᠡᠯ ᠤᠨ ᠭᠠᠵᠠᠷ ︽ᠦᠢᠯᠡᠳᠬᠡᠯ ᠤᠨ ᠬᠡᠯᠪᠡᠷᠢ︾᠂ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠤᠨ | ᠬᠡᠷᠡᠭᠰᠡᠯ ᠢ ᠪᠣᠷᠣᠯᠠᠭᠤᠯᠬᠤ ᠪᠠᠷ ᠭᠤᠣᠯ ᠪᠣᠯᠭᠠᠭᠰᠠᠨ ︽ᠠᠷᠠᠯᠵᠢᠶ᠎ᠠ ᠬᠤᠳᠠᠯᠳᠤᠭᠠᠨ ᠤ ᠬᠡᠯᠪᠡᠷᠢ︾ ᠵᠡᠷᠭᠡ ︽ᠬᠦᠷᠢᠶ᠎ᠡ | ᠬᠠᠰᠢᠶ᠎ᠠ ᠶᠢᠨ ᠠᠵᠤ ᠠᠬᠤᠢ︾ ᠡᠯ᠎ᠡ ᠬᠤᠪᠢᠶᠠᠷᠢ ᠲᠠᠯᠠᠪᠠᠢ ᠳᠤ ᠲᠦᠭᠡᠵᠦ᠂ ᠠᠶᠢᠯ ᠪᠣᠯᠭᠠᠨ ᠲᠦᠷᠦᠯ ᠵᠦᠢᠯ ᠲᠠᠢ᠂ | ᠬᠥᠮᠥᠨ ᠪᠣᠯᠭᠠᠨ ᠬᠢᠬᠦ ᠠᠵᠢᠯ ᠲᠠᠢ ᠪᠠᠶᠢᠬᠤ ᠶᠢ ᠪᠡᠶᠡᠯᠡᠭᠦᠯᠪᠡ᠃ | |