ᠵᠠᠷᠤᠳ ᠬᠤᠰᠢᠭᠤᠨ ᠤ ᠨᠠᠮ ᠤᠨ ᠬᠤᠷᠢᠶᠠᠨ ᠤ ᠢᠯᠵᠢᠷᠡᠯ ᠢ ᠡᠰᠡᠷᠭᠦᠴᠡᠬᠦ ᠠᠵᠢᠯ ᠢ ᠵᠣᠬᠢᠴᠠᠭᠤᠯᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/31
    8 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠢᠯᠵᠠᠷᠠᠯ ᠢ ᠡᠰᠡᠷᠭᠦᠴᠡᠬᠦ ᠠᠵᠢᠯ ᠢ ᠵᠣᠬᠢᠴᠠᠭᠤᠯᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠲᠤᠩᠭᠠᠯᠠᠭ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠴᠢᠦᠢ ᠶᠧ ᠬᠤᠩ᠂ ᠬᠤᠰᠢᠭᠤᠨ ᠨᠠᠮ ᠤᠨ ᠬᠤᠷᠢᠶ᠎ᠠ ᠶᠢᠨ ᠢᠯᠵᠢᠷᠡᠯ ᠢ ᠡᠰᠡᠷᠭᠦᠴᠡᠬᠦ ᠠᠵᠢᠯ ᠢ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠤᠨ ᠠᠵᠢᠯᠲᠠᠨ ᠪᠠ ᠬᠠᠮᠢᠶ᠎ᠠ ᠪᠦᠬᠦᠢ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠤᠷᠤᠯᠴᠠᠪᠠ᠃     
微信图片_20230831105501.jpg
     ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠢᠯᠵᠠᠷᠠᠯ ᠢ ᠡᠰᠡᠷᠭᠦᠴᠡᠬᠦ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠬᠠᠮᠵᠢᠯᠴᠠᠭ᠎ᠠ ᠪᠠᠨ ᠴᠢᠩᠭᠠᠳᠬᠠᠵᠤ᠂ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡᠴᠡ ᠶᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠪᠥᠬᠦ ᠬᠤᠰᠢᠭᠤᠨ ᠤ ᠢᠯᠵᠠᠷᠠᠯ ᠢ ᠡᠰᠡᠷᠭᠦᠴᠡᠬᠦ ᠠᠵᠢᠯ ᠤᠨ ᠵᠣᠬᠢᠴᠠᠭᠤᠯᠬᠤ ᠠᠵᠢᠯ ᠳᠤ ᠰᠠᠶᠢᠨ ᠰᠠᠶᠢᠬᠠᠨ ᠪᠠᠶᠢᠳᠠᠯ ᠢᠯᠡᠷᠡᠵᠦ᠂ ᠬᠠᠮᠵᠢᠯᠴᠠᠭ᠎ᠠ ᠬᠠᠮᠳᠤᠷᠠᠯᠴᠠᠭ᠎ᠠ ᠨᠠᠩ ᠤᠷᠤᠭᠰᠢᠲᠠᠢ ᠪᠣᠯᠵᠤ᠂ ᠠᠵᠢᠯ ᠤᠨ ᠦᠷ᠎ᠡ ᠪᠦᠲᠦᠮᠵᠢ ᠲᠠᠰᠤᠷᠠᠯᠲᠠ ᠦᠭᠡᠢ ᠲᠣᠪᠣᠶᠢᠮ᠎ᠠ ᠪᠣᠯᠵᠤ᠂ ᠵᠣᠬᠢᠴᠠᠭᠤᠯᠬᠤ ᠲᠣᠭᠲᠠᠴᠠ ᠡᠳᠦᠷ ᠢᠷᠡᠬᠦᠶ᠎ᠡ ᠲᠡᠭᠦᠯᠳᠡᠷᠵᠢᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠦᠴᠦᠲᠡᠢ ᠬᠠᠷᠢᠭᠤᠯᠲᠠ ᠥᠭᠴᠦ᠂ ᠪᠥᠬᠦ ᠬᠤᠰᠢᠭᠤᠨ ᠤ ᠤᠯᠤᠰ ᠲᠥᠷᠥ ᠶᠢᠨ ᠠᠮᠢ ᠠᠬᠤᠢ ᠦᠷᠭᠦᠯᠵᠢᠯᠡᠨ ᠰᠠᠶᠢᠵᠢᠷᠠᠪᠠ᠃     
微信图片_20230831105452.jpg
      ᠬᠤᠷᠠᠯ ᠠᠴᠠ᠂ ᠢᠯᠵᠢᠷᠡᠯ ᠤᠨ ᠠᠰᠠᠭᠤᠳᠠᠯ ᠤᠨ ᠤᠯᠤᠰ ᠲᠦᠷᠦ ᠶᠢᠨ ᠮᠥᠨ ᠴᠢᠨᠠᠷ ᠪᠣᠯᠣᠨ ᠤᠯᠤᠰ ᠲᠦᠷᠦ ᠶᠢᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠭᠯᠡᠯᠲᠡ ᠶᠢ ᠭᠦᠨᠵᠡᠭᠡᠢ ᠲᠤᠤᠱᠯᠠᠭᠤᠯᠵᠤ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠵᠣᠭᠰᠣᠯ ᠦᠭᠡᠢ ᠪᠠᠷ ᠲᠠᠬᠢᠨ ᠮᠣᠷᠳᠠᠵᠤ ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠳᠡᠭᠡᠳᠦ ᠱᠠᠲᠤᠨ ᠤ ᠨᠠᠮ ᠤᠨ ᠬᠤᠷᠢᠶᠠᠨ ᠤ ᠢᠯᠵᠠᠷᠠᠯ ᠢ ᠡᠰᠡᠷᠭᠦᠴᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠳᠤ ᠨᠥᠯᠥᠭᠡ ᠲᠠᠢ ᠲᠣᠮᠣ ᠬᠡᠷᠡᠭ ᠴᠢᠬᠤᠯᠠ ᠬᠡᠷᠡᠭ ᠪᠤᠶᠤ ᠬᠦᠨᠳᠦ ᠲᠦᠪᠡᠭᠲᠡᠢ ᠪᠤᠳᠤᠯᠢᠶᠠᠨᠲᠠᠢ ᠬᠡᠷᠡᠭ ᠢ ᠤᠳᠤᠷᠢᠳᠬᠤ ᠪᠠ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠵᠦ᠂ ᠡᠯ᠎ᠡ ᠰᠠᠬᠢᠯᠭ᠎ᠠ ᠪᠠᠲᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠠᠮᠵᠢᠯᠴᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠨ᠂ ᠬᠤᠰᠢᠭᠤᠨ ᠤ ᠨᠠᠮ ᠤᠨ ᠬᠤᠷᠢᠶ᠎ᠠ ᠳᠤ ᠳᠦᠷᠢᠮ ᠤᠨ ᠪᠠᠶᠢᠭᠤᠯᠤᠯᠲᠠ ᠪᠠ ᠢᠯᠵᠢᠷᠡᠯ ᠤᠨ ᠠᠰᠠᠭᠤᠳᠠᠯ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠ ᠰᠠᠨᠠᠭᠤᠯᠭ᠎ᠠ ᠲᠤᠷᠠᠳᠬᠤ ᠬᠡᠷᠡᠭᠳᠠᠢ᠃ ᠢᠯᠵᠠᠷᠠᠯ ᠢ ᠡᠰᠡᠷᠭᠦᠴᠡᠬᠦ ᠠᠵᠢᠯ ᠢ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠨᠢ ︽ᠲᠣᠬᠢᠷᠠᠭᠤᠯᠬᠤ ᠲᠥᠪ︾ ᠪᠠ ︽ᠵᠣᠬᠢᠴᠠᠭᠤᠯᠬᠤ ᠵᠠᠩᠭᠢᠯᠠᠭ᠎ᠠ︾ ᠶᠢᠨ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠡ ᠶᠢ ᠰᠢᠪᠠᠳᠠᠨ ᠢᠯᠵᠠᠷᠠᠯ ᠢ ᠡᠰᠡᠷᠭᠦᠴᠡᠬᠦ ᠠᠵᠢᠯ ᠢ ᠲᠤᠬᠠᠶᠢᠯᠠᠭᠰᠠᠨ ᠠᠵᠢᠯ ᠳᠠᠭᠠᠨ ᠠᠭᠤᠰᠬᠠᠵᠤ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠳᠠᠯ ᠪᠠ ᠡᠭᠦᠷᠭᠡ ᠶᠢ ᠲᠣᠳᠣᠷᠬᠠᠢ ᠲᠠᠨᠢᠵᠤ᠂ ᠢᠯᠵᠢᠷᠡᠯ ᠢ ᠡᠰᠡᠷᠭᠦᠴᠡᠬᠦ ᠠᠵᠢᠯ ᠤᠨ ᠳᠤᠮᠳᠠᠬᠢ ᠲᠤᠳᠠᠭᠳᠠᠯ ᠪᠠ ᠪᠠᠭᠤᠷᠠᠢ ᠲᠠᠯ᠎ᠠ ᠪᠠᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠵᠤ᠂ ᠢᠯᠵᠢᠷᠡᠯ ᠢ ᠡᠰᠡᠷᠭᠦᠴᠡᠬᠦ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠵᠠᠷᠤᠳ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠪᠤᠷᠢᠯᠠᠪᠠ᠃      ᠬᠤᠷᠠᠯ ᠠᠴᠠ ᠪᠠᠰᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号