8 ᠰᠠᠷ᠎ᠠ ᠶᠢᠨ 29 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠬᠤᠷᠠᠯ ᠡᠷᠬᠢᠯᠡᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠢᠪᠡ᠃ ᠶᠠᠩ ᠽᠢ ᠴᠢᠶᠠᠩ᠂ ᠯᠢᠦ ᠰᠢ ᠯᠢᠨ᠂ ᠯᠢ ᠢᠦᠢ ᠹᠦ᠋᠂ ᠰᠦᠸᠧ ᠮᠢᠩ ᠢᠦᠢ᠂ | ᠭᠦᠸᠧ ᠶᠠ ᠹᠧᠩ᠂ ᠢᠦᠢ ᠯᠢᠩ ᠬᠤᠸ ᠵᠡᠷᠭᠡ ᠬᠤᠰᠢᠭᠤᠨ ᠤ ᠤᠳᠤᠷᠢᠳᠤᠯᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | ᠱᠤᠤ ᠶᠠᠨ ᠵᠢᠶᠦ᠋ᠨ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠲᠤᠤᠱᠯᠠᠭᠤᠯᠬᠤ | ᠡᠬᠢᠯᠡᠯᠲᠡ ᠶᠢᠨ ᠵᠢᠯ ᠮᠥᠨ᠂ ᠪᠠᠰᠠᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠨᠠᠮ ᠤᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ | ᠬᠠᠷᠢᠭᠤᠴᠠᠯᠭ᠎ᠠ ᠲᠠᠢ ᠶᠤᠮ᠃ ᠬᠤᠰᠢᠭᠤ ᠲᠠᠶᠠᠭᠠᠷ ᠢᠶᠠᠷ ᠢᠶᠠᠨ ᠴᠢᠬᠤᠯᠠ ᠶᠡᠭᠡ ᠡᠭᠦᠷᠭᠡ ᠳᠤ ᠬᠦᠴᠦ ᠪᠠᠨ | ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠶᠢ ᠬᠥᠲᠥᠯᠥᠨ | ᠵᠢᠯᠤᠭᠤᠳᠴᠤ᠂ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠣᠨᠴᠠᠯᠢᠭ ᠢ ᠡᠭᠦᠳᠦᠨ ᠪᠠᠶᠢᠭᠤᠯᠬᠤ | ᠬᠡᠷᠡᠭᠲᠡᠢ᠃ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ | ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠡᠶᠢᠭᠡᠮ ᠤᠨ ᠵᠠᠰᠠᠯᠲᠠ ᠠᠴᠠ ᠭᠠᠷᠳᠠᠬᠤ ᠶᠢᠨ ᠬᠠᠮᠲᠤ | ᠰᠠᠬᠢᠯᠭ᠎ᠠ ᠪᠠᠲᠤ ᠪᠠᠶᠢᠴᠠᠭᠠᠬᠤ ᠪᠠ ᠤᠬᠠᠭᠤᠯᠬᠤ ᠠᠵᠢᠯ ᠢ ᠴᠢᠩᠭᠠᠳᠬᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠪᠠᠷ | ᠬᠥᠭᠵᠢᠯᠲᠡ ᠶᠢᠨ ᠲᠠᠯ᠎ᠠ ᠠᠴᠠ ᠲᠤᠤᠱᠲᠠᠢ ᠰᠤᠳᠤᠯᠵᠤ᠂ ᠰᠡᠳᠬᠢᠴᠡ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ | ᠲᠦᠷᠦᠯ ᠵᠦᠢᠯ ᠢ ᠬᠠᠮᠲᠤᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠲᠤᠷᠠᠯᠴᠠᠭ᠎ᠠ ᠬᠢᠵᠦ | ᠬᠠᠮᠲᠤᠪᠠᠷ ᠠᠬᠢᠭᠤᠯᠬᠤ ᠵᠡᠷᠭᠡ ᠠᠷᠭ᠎ᠠ ᠬᠡᠯᠪᠡᠷᠢ ᠪᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠨᠳᠡᠯᠡᠨ | ᠰᠣᠯᠢᠯᠴᠠᠭ᠎ᠠ ᠪᠠ ᠠᠵᠢᠯ ᠲᠦᠷᠦᠯ ᠠᠯᠤᠰᠯᠠᠭᠰᠠᠨ ᠬᠠᠮᠲᠤᠷᠠᠯᠴᠠᠭ᠎ᠠ ᠶᠢ ᠦᠨᠡᠨᠬᠦ ᠴᠢᠩᠭᠠᠳᠬᠠᠵᠤ᠂ ᠬᠠᠮᠲᠤᠷᠠᠯᠴᠠᠭ᠎ᠠ | ᠬᠢᠵᠦ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠨᠡᠩ ᠥᠨᠳᠥᠷ ᠲᠦᠪᠰᠢᠨ ᠳᠤ ᠬᠦᠷᠬᠦ ᠶᠢ ᠬᠠᠮᠲᠤᠪᠠᠷ ᠠᠬᠢᠭᠤᠯᠬᠤ ᠬᠡᠷᠡᠭᠲᠡᠢ ᠬᠡᠵᠦ | ᠴᠢᠩᠭᠠᠳᠬᠠᠪᠠ᠃ | | | | | ᠱᠤᠤ ᠶᠠᠨ ᠵᠢᠶᠦ᠋ᠨ ᠱᠠᠭᠠᠷᠳᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠭᠤᠣᠯ ᠠᠵᠢᠯ ᠢ ᠬᠠᠮᠲᠤᠪᠠᠷ | ᠲᠥᠯᠥᠪᠵᠢᠭᠦᠯᠵᠦ᠂ ᠬᠠᠮᠲᠤᠪᠠᠷ ᠪᠠᠶᠢᠷᠢᠯᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠢ | ᠲᠡᠩᠴᠡᠭᠦᠷᠢᠲᠡᠢ ᠠᠬᠢᠭᠤᠯᠵᠤ᠂ ᠡᠯ᠎ᠡ ᠭᠤᠭᠴᠤᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠥᠮ ᠪᠣᠳᠠᠲᠠᠢ | ᠠᠳᠬᠤᠵᠤ᠂ ᠭᠦᠨᠵᠡᠭᠡᠢ ᠠᠳᠬᠤᠵᠤ᠂ ᠱᠠᠭᠠᠷᠳᠠᠯᠭ᠎ᠠ ᠳᠤ ᠬᠦᠷᠳᠡᠯ᠎ᠡ ᠠᠳᠬᠤᠵᠤ᠂ ᠴᠢᠷᠮᠠᠶᠢᠨ ᠠᠳᠬᠤᠬᠤ᠂ | ᠠᠳᠠᠯᠢᠳᠬᠠᠨ ᠬᠢᠬᠦ ᠠᠵᠢᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠤᠰᠢᠭᠤᠨ ᠤ ᠨᠠᠮ ᠤᠨ | ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠠᠴᠠ ᠲᠦᠷᠦᠭᠦᠯᠡᠨ | ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ | ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠢ ᠳᠤᠨᠢ | ᠰᠤᠳᠤᠯᠤᠨ ᠰᠢᠢᠳᠪᠦᠷᠢᠯᠡᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ | ᠬᠡᠷᠡᠭᠲᠡᠢ᠃ ᠢᠯᠠᠩᠭᠤᠶ᠎ᠠ ᠦᠨᠳᠦᠰᠦᠨ ᠱᠠᠲᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠬᠠᠶᠢᠯᠠᠭᠰᠠᠨ | ᠠᠵᠢᠯ ᠵᠢᠴᠢ ᠴᠢᠳᠠᠪᠤᠷᠢ ᠶᠢᠨ ᠲᠠᠯ᠎ᠠ ᠪᠠᠷ ᠶᠡᠷᠦᠩᠬᠡᠶᠢᠯᠡᠨ ᠳᠡᠭᠡᠭᠰᠢᠯᠡᠭᠦᠯᠵᠦ᠂ ︽ᠵᠢᠷᠭᠤᠭᠠᠨ ᠲᠠᠯᠠᠲᠤ ᠬᠡᠯᠪᠡᠷᠢᠲᠦ︾ | ᠺᠠᠳ᠋ᠷ ᠢ ᠬᠦᠮᠤᠵᠢᠭᠦᠯᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠨᠦᠭᠦᠳ ᠴᠦ ᠲᠤᠰ | ᠪᠡᠶ᠎ᠡ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ︽ᠲᠦᠷᠪᠡᠨ ᠰᠤᠷᠲᠠᠯ︾ ᠢᠶᠠᠨ ᠵᠠᠯᠠᠷᠠᠭᠤᠯᠤᠨ ᠰᠢᠨ᠎ᠡ | ᠰᠤᠷᠲᠠᠯ ᠢ ᠪᠤᠢ ᠪᠣᠯᠭᠠᠵᠤ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ | ᠠᠬᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠬᠦ ᠬᠡᠷᠡᠭᠲᠡᠢ᠃ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ | ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠵᠢᠭᠰᠠᠭᠠᠯ ᠤᠨ ᠭᠠᠵᠠᠷ ᠤᠨ | ᠲᠠᠪᠴᠠᠩ ᠢ ᠰᠠᠶᠢᠲᠤᠷ ᠬᠠᠮᠢᠶᠠᠷᠴᠤ᠂ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ | ᠡᠵᠡᠮᠳᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠢ ᠴᠢᠩᠭᠠᠳᠬᠠᠵᠤ᠂ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠡᠭᠦᠷᠭᠡᠯᠡᠨ ᠠᠵᠢᠯᠯᠠᠵᠤ᠂ ᠲᠣᠪᠣᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠪᠣᠯᠣᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠤᠨ᠂ ᠰᠢᠮᠳᠠᠭᠤᠯᠤᠨ | ᠪᠠᠶᠢᠴᠠᠭᠠᠬᠤ᠂ ᠪᠠᠶᠢᠴᠠᠭᠠᠬᠤ᠂ ᠲᠣᠬᠢᠷᠠᠭᠤᠯᠬᠤ ᠶᠢ ᠴᠢᠩᠭᠠᠳᠬᠠᠵᠤ᠂ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ | ᠳᠤᠨᠢ ᠳ᠋ᠦᠩᠨᠡᠨ ᠳᠡᠯᠭᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠠᠷᠭ᠎ᠠ ᠪᠣᠳᠣᠯᠭ᠎ᠠ | ᠰᠠᠨᠠᠭᠤᠯᠭ᠎ᠠ ᠳᠤᠷᠠᠳᠴᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ | ᠨᠠᠩ ᠣᠯᠠᠨ ᠰᠢᠨ᠎ᠡ ᠦᠷ᠎ᠡ ᠪᠦᠲᠦᠭᠡᠯ ᠢ ᠴᠢᠷᠮᠠᠶᠢᠨ ᠡᠭᠦᠳᠴᠦ᠂ ᠨᠠᠩ ᠣᠯᠠᠨ ᠰᠢᠨ᠎ᠡ ᠲᠤᠷᠰᠢᠯᠭ᠎ᠠ ᠶᠢ ᠳ᠋ᠦᠩᠨᠡᠨ᠂ | ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠪᠡ᠃ |