| 8 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠸᠠᠩ ᠴᠧᠩ ᠪᠦᠯᠬᠦᠮ ᠳᠠᠭᠠᠭᠤᠯᠤᠨ ᠪᠥᠬᠦ ᠬᠤᠰᠢᠭᠤᠨ ᠤ ᠬᠢᠲᠠᠳ ︵ᠮᠣᠩᠭᠤᠯ︶ ᠡᠮ ᠤᠨ | ᠮᠠᠲ᠋ᠧᠷᠢᠶᠠᠯ ᠤᠨ ᠲᠠᠷᠢᠮᠠᠯ ᠤᠨ ᠠᠵᠤ ᠦᠢᠯᠡᠰ ᠢ ᠲᠤᠰᠬᠠᠢ ᠪᠠᠶᠢᠴᠠᠭᠠᠨ ᠰᠤᠳᠣᠯᠪᠠ᠃ ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠭᠡᠷ᠂ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠯᠦᠪᠧᠢ ᠪᠠᠯᠭᠠᠰᠤᠨ ᠤ ᠰᠢᠶᠠᠨ ᠹᠧᠩ | ᠲᠣᠰᠬᠤᠨ ᠤ ᠬᠢᠲᠠᠳ ᠡᠪᠡᠰᠦᠨ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ᠂ ᠦᠷᠭᠡᠨᠲᠠᠯ᠎ᠠ ᠲᠠᠷᠢᠶᠠᠯᠠᠩ ᠤᠨ | ᠲᠠᠯᠠᠪᠠᠶ ᠶᠢᠨ ᠬᠢᠲᠠᠳ ᠡᠪᠡᠰᠦᠨ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠪᠠ ᠲᠢᠶᠠᠨ ᠴᠧᠩ ᠬᠢᠲᠠᠳ ᠡᠮ ᠤᠨ | ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠪᠥᠬᠦ ᠬᠤᠰᠢᠭᠤᠨ ᠤ | ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠲᠠᠷᠢᠮᠠᠯ ᠤᠨ ᠬᠥᠭᠵᠢᠯᠲᠡ᠂ ᠦᠢᠯᠡᠳᠪᠦᠷᠢᠯᠡᠯ | ᠪᠣᠯᠪᠠᠰᠤᠷᠠᠭᠤᠯᠤᠯᠲᠠ ᠵᠢᠴᠢ ᠪᠣᠷᠤᠯᠠᠭᠤᠯᠭ᠎ᠠ ᠳᠡᠯᠭᠡᠷᠡᠭᠦᠯᠦᠯᠲᠡ ᠶᠢᠨ ᠪᠠᠶᠢᠳᠠᠯ ᠵᠢᠴᠢ ᠤᠯᠤᠰ ᠤᠨ ᠬᠢᠲᠠᠳ ᠡᠮ | ᠡᠮᠨᠡᠯᠭᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠳᠠᠷᠠᠭ᠎ᠠ ᠪᠠᠷ ᠨᠢ ᠰᠠᠭᠤᠳᠠᠯ ᠤᠨ ᠬᠤᠷᠠᠯ ᠬᠢᠵᠦ᠂ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠰᠠᠨ ᠪᠥᠭᠡᠳ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ | ᠬᠡᠷᠬᠢᠨ ᠲᠦᠷᠭᠡᠳᠬᠡᠬᠦ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠸᠠᠩ ᠴᠧᠩ | ᠴᠢᠬᠤᠯᠠᠴᠢᠯᠠᠭᠰᠠᠨ ᠨᠢ᠂ ᠭᠠᠵᠠᠷ ᠰᠢᠷᠣᠢ ᠶᠢᠨ ᠠᠰᠢᠭᠯᠠᠯᠲᠠ ᠶᠢᠨ ᠪᠣᠭᠤᠮᠢ ᠶᠢ ᠰᠢᠪᠲᠤᠯᠵᠤ᠂ ᠬᠢᠲᠠᠳ ︵ᠮᠣᠩᠭᠤᠯ︶ | ᠡᠮ ᠤᠨ ᠮᠠᠲ᠋ᠧᠷᠢᠶᠠᠯ ᠤᠨ ᠲᠠᠷᠢᠮᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠠᠷᠢᠮᠠᠯ ᠤᠨ ᠡᠷᠦᠬᠡ ᠳᠤ | ᠲᠠᠷᠢᠮᠠᠯ ᠤᠨ ᠨᠥᠬᠦᠪᠦᠷᠢ ᠥᠭᠬᠦ ᠪᠤᠶᠤ ᠳᠠᠮ ᠬᠦᠦ ᠲᠠᠢ ᠵᠢᠭᠡᠯᠡᠯᠭᠡ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠵᠦ᠂ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠢ ᠵᠠᠷᠤᠳ ᠬᠤᠰᠢᠭᠤᠨ ᠳᠤ ᠦᠳᠲᠡᠷ | ᠲᠦᠷᠭᠡᠨ ᠢᠶᠠᠷ ᠠᠵᠤ ᠦᠢᠯᠡᠰ ᠪᠣᠯᠭᠠᠬᠤ ᠬᠡᠷᠡᠭᠲᠡᠢ᠃ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠠᠮᠢ | ᠠᠬᠤᠢ ᠶᠢᠨ ᠲᠠᠷᠢᠮᠠᠯ᠂ ᠬᠡᠭᠡᠷ᠎ᠡ ᠲᠠᠯ᠎ᠠ ᠳᠤ ᠠᠷᠠᠴᠢᠯᠠᠨ ᠪᠣᠶᠢᠵᠢᠭᠤᠯᠬᠤ ᠪᠠ ᠳᠠᠭᠤᠷᠢᠶᠠᠮᠠᠯ ᠬᠡᠭᠡᠷ᠎ᠡ ᠶᠢᠨ ᠲᠠᠷᠢᠮᠠᠯ | ᠵᠡᠷᠭᠡ ᠳᠠᠷᠢᠬᠤ ᠮᠡᠷᠭᠡᠵᠢᠯ ᠢ ᠳᠡᠯᠭᠡᠷᠡᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠲᠤᠬᠠᠢ ᠶᠢᠨ ᠭᠠᠵᠠᠷ ᠲᠤᠨᠢ ᠲᠣᠬᠢᠷᠠᠭᠤᠯᠣᠨ ᠡᠮ ᠤᠨ ᠮᠠᠲ᠋ᠧᠷᠢᠶᠠᠯ ᠲᠠᠷᠢᠵᠤ᠂ ᠬᠢᠲᠠᠳ ︵ᠮᠣᠩᠭᠤᠯ︶ ᠡᠮ ᠤᠨ | ᠮᠠᠲ᠋ᠧᠷᠢᠶᠠᠯ ᠤᠨ ᠪᠠᠷᠢᠮᠵᠢᠶᠠᠵᠢᠭᠤᠯᠤᠨ ᠳᠠᠷᠢᠬᠤ ᠰᠠᠭᠤᠷᠢᠨ ᠭᠠᠵᠠᠷ ᠢ ᠦᠷᠭᠦᠯᠵᠢᠯᠡᠨ ᠰᠠᠶᠢᠲᠤᠷ ᠪᠦᠲᠦᠭᠡᠨ | ᠪᠠᠶᠢᠭᠤᠯᠬᠤ ᠬᠡᠷᠡᠭᠲᠡᠢ᠃ ᠬᠤᠳᠠᠯᠳᠣᠭᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ᠂ | ᠲᠣᠯᠣᠭᠠᠶᠢᠯᠠᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠪᠠ | ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ ᠬᠤᠳᠠᠯᠳᠣᠭᠠᠴᠢᠨ ᠤᠷᠢᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠦᠨ᠂ ᠤᠯᠤᠰ ᠤᠨ ᠳᠣᠲᠣᠭᠠᠳᠤ ᠶᠢᠨ ᠨᠠᠷᠠᠲᠤ ᠡᠮ ᠡᠮᠨᠡᠯᠭᠡ ᠶᠢᠨ ᠠᠵᠤ ᠠᠬᠤᠶᠢᠯᠠᠯ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ ᠵᠠᠷᠤᠳ ᠬᠤᠰᠢᠭᠤᠨ ᠳᠤ ᠰᠠᠭᠤᠷᠢᠯᠠᠵᠤ᠂ ᠪᠥᠬᠦ ᠬᠤᠰᠢᠭᠤᠨ ᠤ ᠬᠢᠲᠠᠳ | ︵ᠮᠣᠩᠭᠤᠯ︶ ᠡᠮ ᠤᠨ ᠮᠠᠲ᠋ᠧᠷᠢᠶᠠᠯ ᠤᠨ ᠠᠵᠤ ᠦᠶᠢᠯᠡᠰᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ︽ᠬᠤᠶᠠᠷ | ᠲᠥᠷᠥᠯ ᠨᠢᠭᠡ ᠲᠡᠮᠳᠡᠭ︾ ᠢᠶᠠᠷ ᠭᠡᠷᠡᠴᠢᠯᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠵᠠᠷᠤᠳ ᠬᠤᠰᠢᠭᠤᠨ ᠤ | ᠡᠮ ᠤᠨ ᠮᠠᠲ᠋ᠧᠷᠢᠶᠠᠯ ᠤᠨ ᠨᠡᠷ᠎ᠡ ᠠᠯᠳᠠᠷᠰᠢᠯ ᠢ ᠳᠡᠭᠡᠭᠰᠢᠯᠡᠭᠦᠯᠬᠦ ᠶᠢᠨ ᠬᠠᠮᠲᠤ ᠮᠡᠷᠭᠡᠵᠢᠯ ᠤᠨ ᠪᠣᠯᠪᠠᠰᠤᠷᠠᠭᠤᠯᠤᠯ ᠢ | ᠴᠢᠩᠭᠠᠳᠬᠠᠵᠤ᠂ ᠣᠲᠣ ᠶᠢᠨ ᠪᠠᠶᠢᠭ᠎ᠠ ᠰᠢᠨᠵᠢᠯᠡᠭᠡ ᠮᠡᠷᠭᠡᠵᠢᠯ ᠤᠨ ᠠᠵᠢᠯᠲᠠᠨ ᠪᠠ ᠨᠤᠲᠤᠭ ᠤᠨ ᠴᠢᠳᠠᠪᠤᠷᠢᠲᠠᠨ ᠤ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠪᠡ᠃ | | | |