ᠵᠠᠷᠤᠳ ᠬᠤᠰᠢᠭᠤ ︽ᠲᠠᠪᠤᠨ ᠶᠡᠭᠡ ᠡᠭᠦᠷᠭᠡ︾ ᠶᠢ ᠨᠡᠶᠢᠲᠡᠪᠦᠷᠢᠵᠢᠭᠤᠯᠣᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/8/31
    8 ᠰᠠᠷ᠎ᠠ ᠶᠢᠨ 30 ᠤ ᠡᠳᠦᠷ᠂ ᠵᠠᠷᠤᠳ ᠬᠤᠰᠢᠭᠤ ︽ᠲᠠᠪᠤᠨ ᠶᠡᠭᠡ ᠡᠭᠦᠷᠭᠡ︾ ᠶᠢ ᠨᠠᠶᠢᠲᠠᠪᠣᠷᠢᠵᠢᠭᠤᠯᠣᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ  ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠪᠦᠦ ᠸᠧᠨ ᠯᠠᠨ᠂ ᠦ᠋ ᠴᠢᠩ ᠬᠠᠢ᠂ ᠯᠢᠦ ᠶᠦᠩ ᠂ ᠶᠠᠩ ᠽᠢ ᠴᠢᠶᠠᠩ ᠵᠡᠷᠭᠡ ᠭᠡᠷ ᠲᠡᠭᠡᠨ ᠪᠠᠶᠢᠭ᠎ᠠ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ea973839ecf744739cedbf23226dc8e.jpg
    ᠱᠣᠣ ᠶᠠᠨ ᠵᠢᠶᠦ᠋ᠨ ᠵᠢᠭᠠᠪᠣᠷᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠥᠬᠦ  ᠬᠤᠰᠢᠭᠤ ᠳᠠᠶᠠᠭᠠᠷ ᠢᠶᠠᠷ ᠢᠶᠠᠨ ᠡᠷᠡᠰ ᠢᠶᠠᠷ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭ᠎ᠠ ᠶᠢᠨ ᠤᠬᠠᠮᠰᠠᠷ ᠢᠶᠠᠷ ᠢᠶᠠᠨ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠬᠦᠴᠦᠯᠡᠬᠦ ᠴᠡᠭ ᠪᠠ ᠲᠤᠰᠤᠯᠲᠠ ᠪᠠᠨ ᠣᠨᠣᠪᠴᠢᠲᠠᠢ ᠣᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠭᠦᠷᠭᠡ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠱᠠᠯᠠᠪᠳᠠᠨ ᠬᠥᠳᠡᠯᠦᠯᠴᠡᠵᠦ᠂ ᠰᠢᠷᠭᠠᠭᠤ ᠠᠵᠢᠯᠯᠠᠵᠤ᠂ ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠪᠠᠨ ᠲᠡᠷᠡ ᠶᠣᠰᠣᠭᠠᠷ ᠨᠢ ᠰᠠᠶᠢᠲᠤᠷ ᠪᠡᠶᠡᠯᠡᠭᠦᠯᠬᠦ ᠬᠡᠷᠡᠭᠲᠡᠢ᠃ ᠰᠢᠰᠲ᠋ᠧᠮᠲᠤ ᠣᠶᠢᠯᠠᠭᠠᠭᠳᠠᠬᠤᠨ ᠪᠠ ︽ᠨᠢᠭᠡ ᠬᠥᠯᠭᠡ ᠰᠢᠲᠠᠷ᠎ᠠ︾ ᠶᠢᠨ ᠣᠶᠢᠯᠠᠭᠠᠭᠳᠠᠬᠤᠨ ᠢ ᠴᠢᠩᠭᠠᠳᠬᠠᠵᠤ᠂ ︽ᠲᠠᠪᠤᠨ ᠶᠡᠭᠡ ᠡᠭᠦᠷᠭᠡ︾ ᠶᠢᠨ ᠠᠵᠢᠯ ᠤᠨ ᠲᠥᠰᠥᠯ ᠲᠠᠢ ᠬᠠᠷᠢᠴᠠᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠪᠠ ᠬᠦᠴᠦᠨ ᠢ ᠪᠦᠲᠦᠮᠵᠢᠲᠡᠢ ᠨᠡᠶᠢᠳᠬᠡᠵᠦ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ︽ᠲᠠᠪᠤᠨ ᠶᠡᠭᠡ ᠡᠭᠦᠷᠭᠡ︾ ᠶᠢᠨ ᠪᠣᠲᠠᠲᠠᠢ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ  ᠭᠡᠪᠡ᠃     ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠲᠦᠷᠦᠭᠦᠯᠡᠨ ᠬᠢᠬᠦ ᠣᠳᠣᠷᠢᠳᠣᠯᠭ᠎ᠠ ᠪᠠ ᠬᠠᠷᠢᠭᠤᠴᠠᠯᠭᠠᠲᠤ ᠨᠢᠭᠡᠴᠡ ᠳᠡᠭᠡᠳᠦ ᠱᠠᠲᠤᠨ ᠤ ᠡᠭᠦᠷᠭᠡ ᠶᠢᠨ ᠨᠠᠷᠢᠨ ᠲᠠᠩᠰᠠ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠬᠤᠰᠢᠭᠤᠨ ᠤ ᠪᠣᠲᠠᠲᠠᠢ ᠪᠠᠶᠢᠳᠠᠯ ᠲᠠᠢ ᠨᠢᠭᠲᠠ ᠤᠶᠠᠯᠳᠤᠭᠤᠯᠵᠤ᠂ ᠣᠨ ᠤ ᠡᠭᠦᠷᠭᠡ ᠶᠢᠨ ᠨᠠᠷᠢᠨ ᠲᠠᠩᠰᠠ ᠶᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠳᠢᠭᠯᠡᠵᠦ᠂ ᠠᠵᠢᠯ ᠤᠨ ᠡᠬᠡ ᠲᠠᠩᠰᠠ ᠶᠢ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠡᠭᠦᠷᠭᠡ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠡᠭᠦᠷᠭᠡ ᠶᠢᠨ ᠠᠬᠢᠴᠠ ᠶᠢᠨ ᠪᠠᠶᠢᠳᠠᠯ ᠢ ᠬᠥᠳᠡᠯᠦᠩᠭᠦᠢ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠦᠢᠯᠡᠴᠢᠯᠡᠬᠦ ᠪᠠ ᠲᠡᠭᠦᠨ ᠢ ᠪᠠᠲᠤᠯᠠᠬᠤ ᠥᠨᠳᠥᠷᠴᠡ  ᠠᠴᠠ ᠡᠭᠦᠰᠴᠦ᠂ ︽ᠲᠠᠪᠤᠨ ᠶᠡᠭᠡ ᠡᠭᠦᠷᠭᠡ︾  ᠶᠢ ᠲᠦᠷᠭᠡᠨ ᠠᠬᠢᠭᠤᠯᠵᠤ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠪᠠᠷᠢᠮᠵᠢᠶ᠎ᠠ ᠳᠤ ᠴᠢᠭᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠰᠥᠯ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠣᠨᠣᠴᠠᠲᠠᠢ ᠬᠦᠴᠦᠯᠡᠵᠦ ᠪᠠᠶᠢᠭᠠᠳ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ︽ᠲᠠᠪᠤᠨ ᠶᠡᠭᠡ ᠡᠭᠦᠷᠭᠡ︾ ᠶᠢᠨ ᠵᠠᠷᠤᠳ ᠬᠤᠰᠢᠭᠤᠨ ᠳᠤ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠱᠠᠭᠠᠷᠳᠠᠭᠰᠠᠨ  ᠨᠢ᠂ ᠡᠯ᠎ᠡ ᠭᠠᠵᠠᠷ ᠤᠨ ᠲᠠᠰ ᠤᠨ ᠤᠳᠤᠷᠢᠳᠤᠯᠭ᠎ᠠ ᠪᠣᠯᠣᠨ ᠡᠯ᠎ᠡ ᠲᠤᠰᠬᠠᠢ ᠳᠤᠭᠤᠶᠢᠯᠠᠩ᠂ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠡᠭᠦᠷᠭᠡ ᠪᠡᠶᠡᠯᠡᠭᠦᠯᠬᠦ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠪᠦᠬᠦᠶᠢᠯᠡ ᠠᠵᠢᠯ ᠢ ᠵᠣᠬᠢᠴᠠᠭᠤᠯᠤᠨ ᠠᠬᠢᠭᠤᠯᠵᠤ᠂ ᠪᠣᠳᠠᠲᠠᠢ ᠡᠭᠦᠷᠭᠡ ᠶᠢ ᠬᠢᠨᠠᠮᠠᠭᠠᠢ ᠠᠳᠬᠤᠵᠤ᠂ ᠣᠷᠣᠰᠢᠵᠤ ᠪᠠᠶᠢᠭ᠎ᠠ ᠠᠰᠠᠭᠤᠳᠠᠯ ᠢ ᠱᠠᠭᠠᠷᠳᠠᠨ ᠰᠠᠶᠢᠵᠢᠷᠠᠭᠤᠯᠵᠤ᠂ ᠰᠢᠢᠳᠪᠦᠷᠢᠯᠡᠬᠦ ᠰᠡᠳᠬᠢᠬᠦᠢ ᠪᠠᠷ ᠳᠡᠭᠡᠭᠰᠢ ᠵᠣᠬᠢᠴᠠᠭᠤᠯᠤᠨ ᠵᠣᠯᠭᠠᠭᠤᠯᠬᠤ᠂ ᠡᠬᠡ ᠲᠠᠩᠰᠠ ᠶᠢ ᠬᠥᠳᠡᠯᠦᠩᠭᠦᠢ ᠪᠠᠷ ᠲᠡᠭᠦᠯᠳᠡᠷᠵᠢᠭᠦᠯᠬᠦ᠂ ᠲᠠᠩᠰᠠ ᠡᠪᠬᠡᠮᠡᠯ ᠢ ᠬᠤᠷᠢᠶᠠᠨ ᠡᠮᠬᠢᠯᠡᠵᠦ ᠳᠢᠭᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠬᠢᠨ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ︽ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠶᠢᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠨ ᠦᠵᠡᠵᠦ᠂ ᠠᠵᠢᠯ ᠤᠨ ᠬᠤᠭᠤᠴᠠᠭ᠎ᠠ ᠶᠢ ᠠᠳᠬᠤᠨ᠂ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠢ ᠴᠢᠬᠤᠯᠠᠴᠢᠯᠠᠵᠤ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠲᠤᠰᠢᠶᠠᠬᠤ ᠬᠡᠷᠡᠭᠲᠡᠢ ᠭᠡᠪᠡ᠃    ᠬᠤᠷᠠᠯ ᠠᠴᠠ ᠪᠠᠰᠠ ᠪᠥᠬᠦ ᠬᠤᠰᠢᠭᠤᠨ ᠤ ᠬᠤᠶᠠᠳᠤᠭᠠᠷ ᠤᠯᠠᠷᠢᠯ ᠤᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠶᠠᠩ ᠽᠢ ᠴᠢᠶᠠᠩ᠂ ᠮᠦ ᠲᠢᠶᠧ ᠮᠢᠨ᠂ ᠶᠣᠣ ᠼᠠᠢ ᠶᠠᠨ᠂ ᠼᠦᠢ ᠯᠧᠢ ᠯᠧᠢ ᠵᠡᠷᠭᠡ ︽ᠲᠠᠪᠤᠨ ᠶᠡᠭᠡ ᠡᠭᠦᠷᠭᠡ︾ ᠶᠢᠨ ᠲᠤᠰᠬᠠᠢ ᠠᠵᠢᠯ ᠤᠨ ᠳᠤᠭᠤᠶᠢᠯᠠᠩ ᠤᠨ ᠳᠠᠷᠤᠭ᠎ᠠ ᠲᠤᠰ ᠲᠤᠰ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠤᠯᠤᠰ ᠤᠨ ᠴᠢᠬᠤᠯᠠ ᠡᠨᠧᠷᠬᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠠᠶᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠶᠣᠯᠭᠦᠢ  ᠶᠢᠨ ᠬᠠᠯᠬᠠᠪᠴᠢ ᠶᠢ ᠪᠦᠲᠦᠭᠡᠨ ᠪᠠᠶᠢᠭᠤᠯᠬᠤ ᠪᠠ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠳᠤ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠬᠠᠮᠢᠶ᠎ᠠ ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号