| 8 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ | ᠣᠷᠣᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠵᠢᠴᠢ ᠠᠮᠤᠷ ᠲᠦᠪᠰᠢᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠠᠮᠤᠷ ᠲᠦᠪᠰᠢᠨ ᠤ ᠲᠠᠰ ᠢ | ᠦᠨᠡᠯᠡᠨ ᠵᠢᠱᠢᠵᠦ ᠬᠠᠷᠢᠭᠤ ᠳᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ | ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠨ ᠶᠠᠷᠢᠶ᠎ᠠ | ᠲᠠᠯᠪᠢᠪᠠ᠂ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠮᠦ ᠲᠢᠶᠧ ᠮᠢᠨ᠂ ᠶᠣᠣ ᠼᠠᠢ ᠶᠠᠨ᠂ ᠭᠦᠸᠧ ᠶᠠ | ᠹᠧᠩ᠂ ᠯᠢ ᠶᠦᠩ ᠬᠠᠢ᠂ ᠳ᠋ᠢᠩ ᡁᠢ ᠭᠠᠩ᠂ ᠼᠦᠢ ᠯᠧᠢ ᠯᠧᠢ᠂ ᠵᠠᠩ ᠯᠢ ᠭᠦᠸᠧ ᠬᠤᠷᠠᠯ ᠳᠤ ᠣᠷᠣᠯᠴᠠᠪᠠ᠃ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠢᠮᠢ ᠶᠢᠨ ᠠᠵᠤ | ᠦᠢᠯᠡᠳᠪᠦᠷᠢ ᠶᠢᠨ ᠲᠣᠭᠤᠷᠢᠭ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠤᠨ ᠴᠢᠬᠤᠯᠠ ᠴᠢᠨᠠᠷ ᠪᠣᠯᠣᠨ ᠬᠠᠷᠠᠯᠲᠠ | ᠡᠭᠦᠷᠭᠡ ᠪᠠᠨ ᠪᠡᠶᠡᠯᠡᠭᠦᠯᠬᠦ ᠶᠢᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠠᠰᠠᠭᠤᠳᠠᠯ ᠳᠣᠲᠠᠭᠳᠠᠯ ᠳᠤ ᠪᠠᠨ ᠠᠩᠬᠠᠷᠤᠯ ᠢᠶᠠᠨ ᠲᠥᠪᠯᠡᠷᠡᠭᠦᠯᠵᠦ᠂ ᠦᠨᠡᠯᠡᠨ ᠵᠢᠱᠢᠵᠦ | ᠮᠠᠭᠠᠳᠯᠠᠨ ᠲᠣᠭᠲᠠᠭᠠᠬᠤ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠳᠡᠭᠡᠳᠦ ᠱᠠᠲᠤᠨ ᠤ | ᠰᠠᠯᠠᠭ᠎ᠠ ᠮᠥᠴᠢᠷ ᠯᠦᠭᠡ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠪᠠᠷᠢᠮᠵᠢᠶ᠎ᠠ ᠱᠠᠭᠠᠷᠳᠠᠯᠭ᠎ᠠ ᠲᠠᠢ | ᠬᠠᠷᠢᠴᠠᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠮᠠᠭᠠᠳᠯᠠᠨ ᠲᠣᠭᠲᠠᠭᠠᠬᠤ ᠠᠵᠢᠯ ᠢ | ᠴᠠᠭ ᠬᠤᠭᠤᠴᠠᠭᠠᠨ ᠤ ᠵᠠᠩᠭᠢᠯᠠᠭ᠎ᠠ ᠴᠡᠭ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠢᠭᠲᠠ ᠬᠠᠮᠵᠢᠯᠴᠠᠨ᠂ ᠬᠠᠷᠢᠭᠤᠴᠠᠯᠭ᠎ᠠ ᠶᠢᠨ | ᠨᠠᠷᠢᠨ ᠲᠠᠩᠰᠠ ᠶᠢ ᠤᠯᠠᠮ ᠨᠢᠭᠡ ᠠᠯᠬᠤᠮ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ | ᠬᠤᠭᠤᠴᠠᠭ᠎ᠠ ᠬᠢᠵᠠᠭᠠᠷᠯᠠᠨ ᠪᠡᠶᠡᠯᠡᠭᠦᠯᠬᠦ ᠶᠢᠨ ᠬᠠᠮᠲᠤ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢ ᠮᠠᠭᠠᠳᠯᠠᠨ | ᠲᠣᠭᠲᠠᠭᠠᠬᠤ ᠱᠠᠭᠠᠷᠳᠠᠯᠭ᠎ᠠ ᠪᠠ ᠴᠠᠭ ᠬᠤᠭᠤᠴᠠᠭᠠᠨ ᠤ ᠵᠠᠩᠭᠢᠯᠠᠭ᠎ᠠ ᠴᠡᠭ ᠢ ᠴᠢᠩᠭ᠎ᠠ ᠵᠢᠷᠤᠮᠯᠠᠨ ᠠᠬᠢᠴᠠ ᠶᠢ ᠪᠥᠬᠦ | ᠬᠦᠴᠦᠨ ᠢᠶᠠᠷ ᠢᠶᠠᠨ ᠠᠳᠬᠤᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ | ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠡᠯ᠎ᠡ ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠬᠢᠨ ᠬᠢᠮᠢ ᠶᠢᠨ ᠠᠵᠤ | ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠭᠦᠢᠴᠡᠳᠬᠡᠯ ᠲᠤᠭ᠎ᠠ ᠶᠢ | ᠪᠡᠶᠡᠯᠡᠭᠦᠯᠦᠭᠰᠡᠨ ᠪᠠᠶᠢᠳᠠᠯ ᠢ ᠲᠠᠰ ᠳᠠᠷᠠᠭᠠᠯᠠᠨ ᠬᠠᠷᠢᠭᠤ ᠮᠡᠳᠡᠭᠦᠯᠪᠡ︔ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠠᠮᠤᠷ ᠲᠦᠪᠰᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ | ᠲᠥᠪᠯᠡᠷᠡᠭᠰᠡᠨ ᠣᠷᠣᠨ ᠤ ᠠᠮᠤᠷ ᠲᠦᠪᠰᠢᠨ ᠤ ᠲᠡᠰ ᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠡᠰ ᠳᠠᠷᠠᠭᠠᠯᠠᠨ ᠬᠠᠷᠢᠭᠤ ᠮᠡᠳᠡᠭᠦᠯᠪᠡ᠃ | | | |