ᠭᠡᠷᠴᠢᠯᠠᠭᠤ ᠰᠤᠮᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/18
      9 ᠰᠠᠷ᠎ᠠ ᠶᠢᠨ 15 ᠤ ᠡᠳᠦᠷ᠂ ᠭᠡᠷᠴᠢᠯᠠᠭᠤ ᠰᠤᠮᠤ ᠪᠥᠬᠦ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠬᠤᠷᠢᠭᠤᠯ ᠤᠨ ᠭᠠᠵᠠᠷ ᠲᠤ ᠬᠦᠷᠴᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ  ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠳᠠᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠴᠢᠬᠤᠯᠠ ᠴᠢᠨᠠᠷ ᠤᠨ ᠲᠤᠬᠠᠢ ᠨᠠᠩ ᠭᠦᠨᠵᠡᠭᠡᠢ ᠲᠠᠨᠢᠯᠲᠠ ᠲᠠᠢ ᠪᠤᠯᠭᠠᠪᠠ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠳᠤᠮᠳᠠ ᠪᠠᠨ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠪᠠᠨ ᠨᠠᠨᠳᠢᠩᠨᠠᠵᠤ᠂ ᠠᠮᠢᠳᠤᠷᠠᠯ ᠢᠶᠠᠨ ᠨᠠᠨᠳᠢᠩᠨᠠᠵᠤ᠂ ᠲᠥᠪ ᠴᠢᠬᠡᠴᠢ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠵᠦ᠂ ᠵᠠᠯᠠᠭᠤ ᠺᠠᠳ᠋ᠷᠴᠤᠳ ᠤᠨ ᠦᠨᠡᠨᠴᠢ ᠰᠢᠳᠤᠷᠭᠤ ᠠᠷᠢᠭᠤᠨ ᠴᠡᠪᠡᠷ ᠨᠠᠶᠢᠳᠠᠪᠤᠷᠢᠲᠠᠢ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠪᠠᠲᠤᠯᠠᠨ᠎ᠠ ᠭᠡᠵᠦ ᠢᠯᠡᠳᠬᠡᠵᠡᠭᠡᠪᠡ᠃         
微信图片_20230918105122.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号