9 ᠰᠠᠷ᠎ᠠ ᠶᠢᠨ 15 ᠤ ᠡᠳᠦᠷ᠂ ᠲᠤᠯᠤᠳᠤ ᠰᠤᠮᠤ ᠨᠠᠮᠤᠷ ᠤᠨ ᠤᠯᠠᠷᠢᠯ ᠤᠨ ᠤᠢ ᠰᠢᠭᠤᠢ ᠶᠢᠨ ᠭᠠᠯ ᠢ | ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠬᠤᠷᠠᠯ ᠠᠴᠠ᠂ ᠬᠡᠭᠡᠷ᠎ᠡ | ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠴᠢᠩᠭ᠎ᠠ ᠰᠡᠷᠭᠡᠶᠢᠯᠡᠨ ᠡᠵᠡᠮᠳᠡᠵᠦ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ᠂ ᠴᠠᠭᠳᠠᠵᠤ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ | ᠴᠢᠩᠭᠠᠳᠬᠠᠬᠤ ᠬᠡᠷᠡᠭᠲᠡᠢ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠭᠤᠣᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠴᠡᠭ ᠢ ᠴᠢᠩᠭ᠎ᠠ ᠠᠩᠬᠠᠷᠴᠤ᠂ ᠭᠠᠯ ᠤᠨ ᠭᠠᠮᠰᠢᠭ ᠤᠨ ᠳᠠᠯᠳᠠ | ᠬᠡᠮ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ | ᠴᠢᠩᠭᠠᠳᠬᠠᠨ᠂ ᠤᠯᠠᠨ ᠠᠷᠭ᠎ᠠ ᠵᠠᠮ᠂ ᠤᠯᠠᠨ ᠬᠠᠷᠠᠭᠠᠰᠤ ᠠᠴᠠ ᠤᠢ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ | ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠤᠢ ᠶᠢ ᠬᠠᠮᠠᠭᠠᠯᠠᠨ ᠭᠠᠯ ᠰᠡᠷᠭᠡᠶᠢᠯᠡᠬᠦ ᠳᠤ ᠬᠥᠮᠥᠨ ᠪᠦᠬᠦᠨ | ᠬᠠᠷᠢᠭᠤᠴᠠᠯᠭ᠎ᠠ ᠲᠠᠢ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮᠤᠷ ᠤᠨ ᠰᠡᠷᠭᠡᠶᠢᠯᠡᠯᠲᠡ | ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ᠂ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ | ᠴᠢᠩᠭᠠᠳᠬᠠᠪᠠ᠃ | | | |