ᠣᠶᠢᠷ᠎ᠠ ᠳᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠬᠢᠨ ︽ᠠᠵᠢᠯᠴᠢᠨ ᠳᠤ ᠠᠰᠢᠭ ᠬᠦᠷᠳᠡᠭᠡᠬᠦ | ᠰᠡᠳᠬᠢᠯ ᠰᠠᠨᠠᠭ᠎ᠠ ᠶᠢ ᠨᠢ ᠠᠮᠤᠷᠵᠢᠭᠤᠯᠬᠤ︾ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠬᠠᠪᠰᠤᠷᠤᠨ ᠵᠢᠯᠤᠭᠤᠳᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠢᠴᠢᠶᠡᠯ | ᠤᠨ ᠪᠠᠭᠰᠢ ᠨᠠᠷ ᠡᠷᠡᠭᠦᠯ ᠮᠡᠨᠳᠦ ᠶᠢᠨ ᠲᠤᠬᠠᠢ ᠰᠢᠨ᠎ᠡ ᠲᠠᠨᠢᠯᠲᠠ᠂ ᠪᠡᠶ᠎ᠡ ᠮᠠᠬᠠᠪᠤᠳ ᠤᠨ ᠣᠨᠴᠠᠭᠠᠶ ᠣᠷᠣᠨ | ᠪᠦᠰᠡ ᠶᠢᠨ ᠡᠪᠡᠷᠰᠢᠶᠡᠯ ᠪᠠ ᠤᠷᠮ᠎ᠠ ᠰᠡᠳᠬᠢᠯᠭᠡ ᠶᠢᠨ ᠬᠤᠭᠤᠷᠣᠨᠳᠣᠬᠢ ᠬᠠᠷᠢᠴᠠᠭ᠎ᠠ᠂ ᠤᠨᠳᠠᠬᠤ ᠪᠠᠨ ᠬᠡᠷᠬᠢᠨ | ᠰᠠᠶᠢᠵᠢᠷᠠᠭᠤᠯᠬᠤ᠂ ᠠᠵᠢᠯ ᠪᠠ ᠭᠡᠷ ᠪᠦᠯᠢ ᠶᠢᠨ ᠬᠠᠷᠢᠴᠠᠭ᠎ᠠ ᠶᠢ ᠬᠡᠷᠬᠢᠨ ᠰᠠᠶᠢᠲᠤᠷ ᠰᠢᠢᠳᠪᠦᠷᠢᠯᠡᠬᠦ ᠵᠡᠷᠭᠡ | ᠠᠭᠤᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠵᠦ᠂ ᠣᠯᠠᠨ ᠤ ᠳᠠᠷᠤᠯᠲᠠ ᠪᠠ ᠬᠠᠮᠢᠶᠠᠷᠤᠯᠲᠠ ᠶᠢᠨ ᠤᠷᠮ᠎ᠠ | ᠰᠡᠳᠬᠢᠯᠭᠡ ᠶᠢ ᠵᠥᠪ ᠢᠶᠠᠷ ᠨᠠᠮᠳᠠᠭᠤᠯᠵᠤ᠂ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠶᠢ ᠬᠥᠲᠥᠯᠥᠨ | ᠵᠢᠯᠣᠭᠤᠳᠪᠠ᠃ | |