ᠵᠠᠷᠤᠳ ᠬᠤᠰᠢᠭᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠠᠮᠲᠤᠷᠠᠭᠰᠠᠨ ᠬᠤᠷᠠᠯ ᠬᠢᠪᠡ
ᠨᠡᠶᠢᠲᠡᠯᠡᠭᠰᠡᠨ ᠴᠠᠭ᠄
2023/9/18
    9 ᠰᠠᠷ᠎ᠠ ᠶᠢᠨ 15 ᠤ ᠡᠳᠦᠷ᠂ ᠵᠠᠷᠤᠳ ᠬᠤᠰᠢᠭᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠣᠣ ᠼᠠᠢ ᠶᠠᠨ ᠵᠢᠴᠢ ᠬᠤᠰᠢᠭᠤᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠪᠦᠦ ᠯᠦᠩ ᠬᠤᠷᠠᠯ ᠡᠷᠭᠢᠯᠡᠪᠡ᠃
cfef43f8e6f39b38eb68237aa45917f.jpg
    ᠶᠠᠩ ᠽᠢ ᠴᠢᠶᠠᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠰᠢ ᠶᠢᠨ ᠫᠢᠩ ᠤᠨ ᠦᠭᠦᠯᠡᠯ ᠤᠨ ᠲᠡᠭᠦᠪᠦᠷᠢ︾ ᠶᠢ ᠰᠢᠰᠲ᠋ᠧᠮ ᠲᠠᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠴᠢᠩᠭ᠎ᠠ ᠪᠣᠳᠠᠲᠠᠢ ᠠᠳᠬᠤᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠠᠵᠤ ᠦᠢᠯᠡᠰ ᠤᠨ ᠥᠭᠡᠷᠡᠴᠢᠯᠡᠯᠲᠡ ᠶᠢᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠡᠷᠡᠰ ᠪᠡᠶᠡᠯᠡᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠭᠰᠠᠨ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠲᠠᠪᠤᠨ ᠦᠭᠡ︾ ᠶᠢᠨ ᠦᠨᠡᠨ ᠶᠠᠪᠤᠳᠠᠯ ᠪᠠ ᠶᠣᠰᠣ ᠤᠴᠢᠷ ᠢ ᠲᠣᠳᠣᠷᠬᠠᠢ ᠶᠠᠷᠢᠵᠤ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠶᠠᠪᠤᠴᠠ ᠳᠤ᠂ ᠬᠦᠰᠡᠯᠡᠩ ᠲᠠᠢ ᠢᠲᠡᠭᠡᠯ ᠪᠢᠰᠢᠷᠡᠯ ᠲᠠᠢ᠂ ᠮᠡᠷᠭᠡᠵᠢᠯ ᠲᠠᠢ ᠰᠢᠨ᠎ᠡ ᠶᠢ ᠡᠭᠦᠳᠴᠦ ᠴᠢᠳᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠬᠦ ᠶᠢ ᠡᠷᠬᠢᠮᠯᠡᠳᠡᠭ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠠᠶᠢᠭᠤᠯᠵᠤ᠂ ᠣᠳᠣᠬᠢᠴᠢᠯᠠᠭᠰᠠᠨ ᠵᠠᠷᠣᠳ ᠤᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠤ ᠳᠡᠮᠵᠢᠯᠭᠡ᠂ ᠬᠥᠮᠥᠨ ᠤ ᠬᠦᠴᠦᠨ ᠤ ᠪᠠᠲᠤᠯᠠᠭ᠎ᠠ ᠪᠠ ᠤᠷ᠎ᠠ ᠴᠢᠳᠠᠪᠤᠷᠢ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃    ᠶᠠᠩ ᠽᠢ ᠴᠢᠶᠠᠩ ᠱᠠᠭᠠᠷᠳᠠᠭᠰᠠᠨ ᠨᠢ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠦᠭᠦᠯᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠨ᠂ ᠪᠣᠳᠠᠲᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠥᠯᠥᠪᠵᠢᠭᠦᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠡ ᠬᠢᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠤᠷ᠎ᠠ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠡᠷᠬᠡ ᠠᠰᠢᠭ ᠪᠠᠶᠢᠷᠢ ᠰᠠᠭᠤᠷᠢ ᠪᠠᠨ ᠪᠠᠲᠤᠯᠠᠬᠤ ᠳᠡᠭᠡᠷ᠎ᠡ ᠬᠦᠴᠦ ᠲᠠᠯᠪᠢᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠴᠢᠩᠭ᠎ᠠ ᠵᠢᠷᠤᠮᠯᠠᠨ᠂ ᠭᠤᠣᠯᠳᠠᠯᠭ᠎ᠠ ᠲᠠᠢ ᠬᠠᠷᠢᠴᠠᠭᠤᠯᠤᠨ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠱᠠᠭᠠᠷᠳᠠᠯᠭ᠎ᠠ ᠶᠣᠰᠣᠭᠠᠷ 2023 ᠣᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠣᠲᠠᠭᠳᠠᠯ ᠲᠠᠢ ᠲᠠᠯ᠎ᠠ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠳᠦᠷᠢᠮ ᠲᠣᠭᠲᠠᠴᠠ ᠶᠢ ᠪᠦᠷᠢᠨᠰᠢᠭᠦᠯᠵᠦ᠂ ᠪᠦᠬᠦ ᠲᠠᠯ᠎ᠠ ᠪᠠᠷ ᠠᠬᠢᠭᠤᠯᠬᠤ᠂ ᠭᠤᠣᠯᠳᠠᠯᠭ᠎ᠠ ᠲᠠᠢ ᠰᠢᠪᠲᠤᠯᠬᠤ᠂ ᠳᠦᠷᠢᠮ ᠢᠶᠠᠷ ᠪᠠᠲᠣᠯᠠᠭ᠎ᠠ ᠵᠡᠷᠭᠡ ᠱᠠᠭᠠᠷᠳᠠᠯᠭ᠎ᠠ ᠶᠣᠰᠣᠭᠠᠷ᠂ ᠭᠦᠨᠵᠡᠭᠡᠢ ᠪᠣᠳᠣᠯᠬᠢᠯᠠᠵᠤ᠂ ᠨᠠᠷᠢᠨ ᠠᠳᠬᠤᠵᠤ᠂ ᠪᠣᠳᠠᠲᠠᠢ ᠠᠵᠢᠯᠯᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ  ᠭᠡᠪᠡ᠃    ᠬᠤᠷᠠᠯ ᠠᠴᠠ 2023 ᠣᠨ ᠤ ᠪᠦᠬᠦ ᠬᠤᠳᠠ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠶᠢ ᠤᠯᠠᠮᠵᠢᠯᠠᠵᠤ᠂ ᠵᠠᠷᠤᠳ ᠬᠤᠰᠢᠭᠤᠨ ᠤ 2022 ᠣᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号