ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠢ ᠶᠦᠩ ᠫᠢᠩ ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠣᠯᠵᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/18
    9 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠤᠯᠤᠰ ᠲᠥᠷᠥ ᠶᠢᠨ ᠭᠡᠰᠢᠭᠦᠨ ᠪᠠᠢ ᠶᠦᠩ ᠫᠢᠩ  ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ  ᠢᠷᠡᠵᠦ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠪᠠᠶᠢᠴᠠᠭᠠᠨ ᠰᠣᠳᠣᠯᠵᠤ ᠵᠢᠭᠠᠨ ᠵᠢᠯᠣᠭᠤᠳᠪᠠ᠃ ᠲᠦᠩᠯᠢᠶᠣᠣ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠢᠦᠢ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠱᠠᠨ ᠬᠤᠸᠠ ᠴᠢ᠂ ᠰᠢᠶᠠᠩᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠧᠦ ᠪᠢᠩ ᠦ᠋᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠪᠥᠬᠦ ᠪᠠᠭ ᠤᠨ ᠭᠡᠰᠢᠭᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
63db48f5ea8c6c7bb5dc46d35a111e9.jpg
    ᠲᠢᠩᠬᠢᠮ ᠤᠨ ᠳᠠᠷᠤᠭ᠎ᠠ ᠪᠠᠢ ᠶᠦᠩ ᠫᠢᠩ ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠰᠢᠶᠠᠩᠱᠠᠨ ᠤ ᠬᠠᠤᠯᠢ ᠴᠠᠭᠠᠵᠠ ᠶᠢᠨ ᠭᠠᠵᠠᠷ ᠲᠤ ᠭᠦᠨᠵᠡᠭᠡᠶᠢᠷᠡᠵᠦ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠰᠣᠯᠢᠯᠴᠠᠵᠤ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠬᠠᠤᠯᠢ ᠪᠠᠷᠢᠬᠤ ᠭᠠᠵᠠᠷ ᠤᠨ ᠡᠩᠨᠡᠭᠡᠨ ᠤ ᠪᠠᠶᠢᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠲᠦᠷᠪᠡᠨ ᠭᠠᠵᠠᠷ ᠨᠢᠭᠡ ᠲᠢᠩᠬᠢᠮ ᠤᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠳᠣᠬᠠᠨ ᠤ ᠦᠨᠳᠦᠰᠦᠨ ᠱᠠᠲᠤᠨ ᠤ ᠬᠠᠤᠯᠢ ᠪᠠᠷᠢᠬᠤ ᠵᠠᠰᠠᠭ ᠵᠠᠬᠢᠷᠭᠠᠨ ᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠭᠦᠨᠵᠡᠭᠡᠢ ᠰᠣᠯᠢᠯᠴᠠᠪᠠ᠃    ᠪᠠᠢ ᠶᠦᠩ ᠫᠢᠩ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠭᠠᠵᠠᠷ ᠤᠨ ᠦᠨᠳᠦᠰᠦᠨ ᠱᠠᠲᠤᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠳᠤᠮᠳᠠᠬᠢ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠵᠤ᠂ ᠬᠠᠤᠯᠢ ᠴᠠᠭᠠᠵᠠ ᠶᠢᠨ ᠭᠠᠵᠠᠷ ᠤᠨ ᠦᠢᠯᠡᠴᠢᠯᠡᠬᠦ ᠴᠢᠳᠠᠪᠤᠷᠢ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠰᠢᠨ᠎ᠡ ᠴᠠᠭ ᠦᠶ᠎ᠡ ᠶᠢᠨ︽ᠹᠧᠩ ᠴᠢᠶᠦᠦ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠡᠶᠡᠳᠡᠭᠦᠯᠦᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠠᠵᠢᠯ ᠢ ᠰᠠᠶᠢᠲᠤᠷ ᠬᠢᠵᠦ᠂ ᠣᠷᠢᠳᠴᠢᠯᠠᠨ ᠰᠡᠷᠭᠡᠶᠢᠯᠡᠵᠦ ︽ᠡᠪᠡᠳᠴᠢᠯᠡᠬᠦ ᠠᠴᠠ ᠡᠮᠦᠨ᠎ᠡ ᠵᠠᠰᠠᠬᠤ︾ ᠶᠢ ᠰᠠᠶᠢᠲᠤᠷ ᠬᠢᠬᠦ ᠬᠡᠷᠡᠭᠲᠡᠢ᠃ ︽ᠲᠦᠷᠪᠡᠨ ᠭᠠᠵᠠᠷ ᠨᠢᠭᠡ ᠲᠢᠩᠬᠢᠮ︾  ᠤᠨ ᠬᠠᠮᠵᠢᠯᠴᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠲᠤᠰᠬᠠᠢ ᠮᠡᠷᠭᠡᠵᠢᠯ ᠤᠨ ᠳᠠᠪᠠᠭᠤᠯᠢᠭ᠂ ᠲᠣᠮᠢᠯᠠᠭᠰᠠᠨ ᠰᠠᠯᠪᠤᠷᠢ ᠶᠢᠨ ᠡᠭᠦᠷᠭᠡ ᠴᠢᠳᠠᠪᠬᠢ ᠶᠢᠨ ᠳᠠᠪᠠᠭᠤᠯᠢᠭ ᠪᠣᠯᠣᠨ ᠬᠠᠤᠯᠢ ᠴᠠᠭᠠᠵᠠ ᠶᠢᠨ ᠭᠠᠵᠠᠷ ᠤᠨ ᠵᠣᠬᠢᠴᠠᠭᠤᠯᠬᠤ ᠳᠠᠪᠠᠭᠤᠯᠢᠭ ᠢ ᠠᠭᠤᠰᠤᠯᠴᠠᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号