ᠨᠠᠷᠠᠲᠤ ᠪᠠᠭᠰᠢ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠬᠤᠲᠠ ᠶᠢᠨ ᠵᠢᠭᠠᠨ ᠰᠤᠳᠤᠯᠬᠤ ᠲᠠᠰᠤᠭ ᠯᠤᠭ᠎ᠠ ᠶᠢᠨ ᠰᠣᠯᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠪᠥᠬᠦ | ᠬᠤᠰᠢᠭᠤᠨ ᠤ ᠪᠠᠭᠰᠢ ᠶᠢᠨ ᠡᠩᠨᠡᠭᠡ ᠶᠢᠨ ᠲᠤᠰᠬᠠᠶᠢᠵᠢᠯᠲᠠ ᠶᠢᠨ ᠪᠠᠶᠢᠭᠤᠯᠤᠯᠲᠠ ᠶᠢ ᠨᠠᠩ ᠰᠠᠶᠢᠨ ᠠᠬᠢᠭᠤᠯᠬᠤ ᠶᠢᠨ | ᠲᠥᠯᠥᠭᠡ᠂ 9 ᠰᠠᠷ᠎ᠠ ᠶᠢᠨ 15 ᠤ ᠡᠳᠦᠷ᠂ ᠬᠤᠲᠠ ᠶᠢᠨ ᠵᠢᠭᠠᠨ ᠰᠤᠳᠤᠯᠬᠤ ᠲᠠᠰᠤᠭ ᠤᠨ ᠲᠤᠰᠬᠠᠢ | ᠮᠡᠷᠭᠡᠵᠢᠯᠲᠡᠨ ᠤ ᠪᠦᠯᠬᠦᠮ ᠤᠨ ᠬᠢᠨ ᠵᠠᠷᠤᠳ ᠬᠤᠰᠢᠭᠤᠨ ᠳᠤ ᠭᠦᠨᠵᠡᠭᠡᠶᠢᠷᠡᠨ ︽ᠰᠤᠷᠭᠠᠨ ᠬᠥᠮᠦᠵᠢᠯ ᠢ ᠬᠥᠳᠡᠭᠡ | ᠬᠦᠷᠭᠡᠬᠦ︾ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠵᠢᠭᠠᠨ ᠰᠤᠳᠤᠯᠬᠤ ᠲᠥᠪ ᠤᠨ ᠪᠥᠬᠦ ᠵᠢᠭᠠᠨ ᠰᠤᠳᠤᠯᠤᠭᠴᠢ | ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠤᠳᠤᠷᠢᠳᠤᠯᠭ᠎ᠠ ᠪᠠ ᠬᠤᠰᠢᠭᠤᠨ ᠤ ᠰᠢᠭᠤᠳ ᠬᠠᠷᠢᠶ᠎ᠠ 15 ᠬᠢᠴᠢᠶᠡᠯ ᠲᠥᠷᠥᠯ ᠤᠨ ᠪᠠᠭᠰᠢ | ᠨᠡᠶᠢᠲᠡ 1000 ᠭᠠᠷᠤᠢ ᠬᠥᠮᠥᠨ ᠠᠵᠢᠯᠯᠠᠭ᠎ᠠ ᠳᠤ ᠤᠷᠤᠯᠴᠠᠪᠠ᠃ | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ | ᠭᠤᠣᠯ ᠬᠠᠷᠢᠭᠤᠴᠠᠯᠭᠠᠲᠠᠨ ᠠᠴᠠ ᠲᠤᠰᠬᠠᠢ ᠮᠡᠷᠭᠡᠵᠢᠯᠲᠡᠨ ᠤ ᠪᠦᠯᠬᠦᠮ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ | ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠤᠷᠤᠯᠴᠠᠯᠭ᠎ᠠ ᠳᠤ | ᠣᠷᠣᠯᠴᠠᠭᠰᠠᠨ ᠪᠠᠭᠰᠢ ᠨᠠᠷ ᠰᠤᠷᠤᠯᠴᠠᠬᠤ ᠵᠠᠪᠰᠢᠶᠠᠨ ᠢᠶᠠᠨ ᠨᠠᠨᠳᠢᠩᠨᠠᠨ᠂ ᠰᠣᠯᠢᠯᠴᠠᠭ᠎ᠠ ᠬᠢᠵᠦ ᠰᠤᠳᠤᠯᠤᠨ | ᠶᠠᠷᠢᠯᠴᠠᠬᠤ ᠪᠠᠨ ᠴᠢᠩᠭᠠᠳᠬᠠᠵᠤ᠂ ᠰᠤᠷᠬᠤ ᠪᠠ ᠬᠡᠷᠡᠭᠯᠡᠬᠦ ᠶᠢ ᠤᠶᠠᠯᠳᠤᠭᠤᠯᠬᠤ ᠪᠠᠨ ᠰᠠᠶᠢᠲᠤᠷ ᠠᠳᠬᠤᠵᠤ᠂ ᠵᠢᠭᠠᠨ | ᠰᠤᠷᠭᠠᠯᠲᠠ ᠶᠢᠨ ᠣᠶᠢᠯᠠᠭᠠᠭᠳᠠᠬᠤᠨ ᠢ ᠰᠢᠰᠲ᠋ᠧᠮ ᠲᠠᠢ ᠪᠣᠶ ᠪᠣᠯᠭᠠᠨ᠂ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ ᠢ | ᠪᠥᠬᠦ ᠲᠠᠯ᠎ᠠ ᠪᠠᠷ ᠡᠵᠡᠮᠰᠢᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠳᠠᠪᠤᠷᠢ ᠬᠢᠷᠢ ᠲᠦᠪᠰᠢᠨ | ᠢᠶᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃ | ᠬᠤᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠸᠠᠩ ᠪᠠᠢ ᠱᠤ᠋ ᠠᠴᠠ ᠵᠠᠷᠤᠳ ᠬᠤᠰᠢᠭᠤᠨ ᠤ ᠲᠤᠰ | ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠠ ᠪᠡᠯᠡᠳᠬᠡᠯ ᠠᠵᠢᠯ ᠢ ᠭᠦᠢᠴᠡᠳ ᠨᠤᠲᠠᠯᠠᠵᠤ᠂ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠳᠤ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠵᠦ᠂ ︽ᠰᠤᠷᠭᠠᠨ ᠬᠥᠮᠦᠵᠢᠯ ᠢ ᠬᠥᠳᠡᠭᠡ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠦᠨᠳᠦᠰᠦᠨ ᠱᠠᠲᠤᠨ ᠤ ᠵᠢᠭᠠᠨ ᠰᠤᠷᠭᠠᠯᠲᠠ ᠶᠢᠨ ᠠᠵᠢᠯ ᠳᠤ ᠦᠢᠯᠡᠴᠢᠯᠡᠬᠦ ᠬᠠᠨᠳᠤᠯᠭᠠᠲᠤ ᠴᠢᠨᠠᠷ | ᠪᠠ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ ᠭᠡᠵᠦ ᠢᠯᠡᠷᠬᠡᠶᠢᠯᠡᠪᠡ᠃ | | | | | ᠶᠣᠰᠣᠯᠠᠯ ᠳᠠᠭᠤᠰᠤᠭᠰᠠᠨ ᠤ ᠳᠠᠷᠠᠭ᠎ᠠ᠂ ᠰᠤᠷᠭᠠᠨ ᠬᠥᠮᠦᠵᠢᠯ ᠬᠦᠷᠭᠡᠬᠦ ᠪᠦᠯᠬᠦᠮ ᠤᠨ ᠵᠢᠭᠠᠨ ᠰᠤᠳᠤᠯᠤᠭᠴᠢ᠂ | ᠬᠢᠴᠢᠶᠡᠯ ᠬᠦᠷᠭᠡᠬᠦ ᠪᠠᠭᠰᠢ ᠨᠠᠷ ᠲᠣᠰ ᠲᠣᠰ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ | ᠲᠤᠷᠰᠢᠯᠲᠠ ᠶᠢᠨ ᠪᠠᠭ᠎ᠠ ᠰᠤᠷᠭᠠᠭᠤᠯᠢ᠂ ᠯᠦᠪᠸᠢ ᠬᠤᠶᠠᠳᠤᠭᠠᠷ ᠪᠠᠭ᠎ᠠ ᠰᠤᠷᠭᠠᠭᠤᠯᠢ᠂ ᠯᠦᠪᠸᠢ ᠭᠤᠷᠪᠠᠳᠤᠭᠠᠷ ᠪᠠᠭ᠎ᠠ | ᠰᠤᠷᠭᠠᠭᠤᠯᠢ ᠵᠡᠷᠭᠡ ᠰᠤᠷᠭᠠᠭᠤᠯᠢ ᠳᠤ ᠭᠦᠨᠵᠡᠭᠡᠶᠢᠷᠡᠵᠦ᠂ 15 ᠬᠢᠴᠢᠶᠡᠯ ᠲᠥᠷᠥᠯ ︵ᠪᠠᠭ᠎ᠠ ᠰᠤᠷᠭᠠᠭᠤᠯᠢ 6᠂ | ᠠᠩᠬ᠎ᠠ ᠳᠤᠮᠳᠠᠳᠤ 9︶ ᠢ ᠪᠦᠬᠦᠨ ᠢ ᠬᠠᠮᠤᠷᠤᠨ ᠰᠤᠷᠭᠠᠨ ᠬᠥᠮᠦᠵᠢᠯ ᠬᠦᠷᠭᠡᠬᠦ ᠵᠢᠯᠣᠭᠤᠳᠤᠯᠭ᠎ᠠ ᠥᠷᠨᠢᠭᠦᠯᠪᠡ᠃ | ᠬᠢᠴᠢᠶᠡᠯ ᠬᠦᠷᠭᠡᠬᠦ᠂ ᠬᠢᠴᠢᠶᠡᠯ ᠲᠣᠬᠢᠷᠠᠭᠤᠯᠬᠤ᠂ ᠲᠤᠰᠬᠠᠢ ᠮᠡᠷᠭᠡᠵᠢᠯᠲᠡᠨ ᠤ ᠦᠨᠡᠯᠡᠯᠲᠡ ᠬᠢᠬᠦ᠂ ᠲᠤᠰᠬᠠᠢ | ᠰᠡᠳᠦᠪᠲᠦ ᠲᠠᠶᠢᠯᠤᠮᠵᠢ ᠬᠢᠬᠦ ᠵᠡᠷᠭᠡ ᠭᠤᠭᠴᠤᠭ᠎ᠠ ᠶᠢ ᠣᠷᠭᠠᠨᠢᠭ ᠢᠶᠠᠷ ᠵᠣᠯᠭᠠᠭᠤᠯᠬᠤ ᠪᠠᠷ ᠳᠠᠮᠵᠢᠭᠤᠯᠤᠨ᠂ | ᠰᠤᠷᠤᠯᠴᠠᠯᠭ᠎ᠠ ᠳᠤ ᠣᠷᠣᠯᠴᠠᠭᠰᠠᠨ ᠪᠠᠭᠰᠢ ᠨᠠᠷ ᠲᠤᠬᠠᠢ ᠶᠢᠨ ᠲᠠᠯᠠᠪᠤᠷ ᠲᠤᠨᠢ ᠲᠣᠭᠤᠷᠢᠨ ᠦᠵᠡᠬᠦ ᠪᠠ ᠰᠣᠯᠢᠯᠴᠠᠨ | ᠰᠤᠷᠤᠯᠴᠠᠬᠤ ᠳᠤᠮᠳᠠ᠂ ᠵᠥᠷᠢᠶ᠎ᠡ ᠲᠤᠳᠠᠭᠳᠠᠯ ᠢᠶᠠᠨ ᠤᠯᠠᠮ ᠨᠢᠭᠡ ᠠᠯᠬᠤᠮ ᠣᠨᠣᠪᠴᠢᠲᠠᠶ ᠡᠷᠢᠨ ᠣᠯᠵᠤ᠂ ᠢᠲᠡᠭᠡᠯ | ᠵᠣᠷᠢᠭ ᠢ ᠨᠢ ᠨᠡᠮᠡᠭᠳᠡᠭᠦᠯᠦᠨ᠂ ᠵᠢᠭᠠᠨ ᠰᠤᠷᠭᠠᠯᠲᠠ ᠶᠢᠨ ᠣᠨᠣᠯ ᠪᠠ ᠦᠢᠯᠡᠳᠦᠯᠭᠡ ᠶᠢᠨ ᠲᠤᠷᠰᠢᠯᠭ᠎ᠠ ᠶᠢ ᠨᠢ | ᠪᠠᠶᠠᠯᠢᠭᠵᠢᠭᠤᠯᠵᠤ᠂ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ | ᠲᠠᠯᠪᠢᠪᠠ᠃ | | | | | ︽ᠡᠨᠡ ᠤᠳᠠᠭ᠎ᠠ ᠶᠢᠨ ︿ᠰᠤᠷᠭᠠᠨ ᠬᠥᠮᠦᠵᠢᠯ ᠢ ᠬᠥᠳᠡᠭᠡ ᠬᠦᠷᠭᠡᠬᠦ﹀ ᠠᠵᠢᠯᠯᠠᠭ᠎ᠠ ᠪᠣᠯ ᠴᠠᠭ ᠤᠨ ᠬᠤᠷ᠎ᠠ | ᠪᠣᠯᠣᠨ᠎ᠠ᠂ ᠪᠢᠳᠡᠨ ᠳᠤ ᠰᠢᠨ᠎ᠡ ᠬᠢᠴᠢᠶᠡᠯ ᠤᠨ ᠣᠶᠢᠯᠠᠭᠠᠭᠳᠠᠬᠤᠨ ᠪᠠ ᠵᠢᠭᠠᠨ ᠰᠤᠷᠭᠠᠬᠤ ᠠᠷᠭ᠎ᠠ ᠶᠢ ᠠᠪᠴᠢᠷᠠᠵᠤ | ᠥᠭᠭᠦᠭᠰᠡᠨ ᠨᠢᠭᠡ ᠤᠳᠠᠭ᠎ᠠ ᠶᠢᠨ ᠦᠢᠯᠡᠳᠦᠯᠭᠡ ᠪᠣᠯᠣᠨ ᠤᠨᠤᠯ ᠬᠠᠷᠢᠯᠴᠠᠨ ᠠᠭᠤᠰᠤᠯᠴᠠᠵᠤ᠂ ᠬᠠᠷᠠᠭᠠᠰᠤ ᠪᠣᠯᠣᠨ | ᠠᠷᠭ᠎ᠠ ᠶᠢ ᠵᠡᠷᠭᠡᠪᠡᠷ ᠬᠥᠭᠵᠢᠭᠦᠯᠦᠭᠰᠡᠨ ᠬᠤᠷᠢᠶᠠᠯᠲᠠ ᠶᠢᠨ ᠠᠶᠠᠯᠠᠯ ᠪᠣᠯᠣᠨ᠎ᠠ᠂ ᠠᠵᠢᠯᠯᠠᠭ᠎ᠠ ᠶᠢ ᠦᠷᠭᠦᠯᠵᠢ ᠶᠢᠨ | ᠴᠢᠨᠠᠷᠲᠠᠢ᠂ ᠦᠷᠭᠦᠯᠵᠢᠯᠡᠨ ᠥᠷᠨᠢᠭᠦᠯᠬᠦ ᠶᠢ ᠬᠦᠰᠡᠵᠦ ᠪᠠᠶᠢᠨ᠎ᠠ᠂ ᠪᠢᠳᠡ ᠰᠣᠷᠣᠭᠰᠠᠨ ᠰᠠᠶᠢᠨ ᠠᠷᠭ᠎ᠠ ᠪᠠᠨ | ᠬᠤᠵᠢᠮ ᠤᠨ ᠵᠢᠭᠠᠨ ᠰᠤᠷᠭᠠᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠬᠡᠷᠡᠭᠯᠡᠵᠦ᠂ | ᠪᠦᠬᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ | ᠦᠷᠭᠦᠯᠵᠢᠯᠡᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠤᠰᠢᠭᠤᠨ ᠤ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠪᠠᠭᠰᠢ ᠸᠠᠩ ᠯᠢᠩ ᠯᠢᠩ ᠶᠠᠷᠢᠪᠠ᠃ | |