ᠵᠠᠷᠤᠳ ᠬᠤᠰᠢᠭᠤ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 18 ᠤ ᠡᠳᠦᠷ᠂ ᠵᠠᠷᠤᠳ ᠬᠤᠰᠢᠭᠤ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠶᠣᠣ ᠼᠠᠢ ᠶᠠᠨ ᠴᠢᠬᠤᠯᠠᠴᠢᠯᠠᠭᠰᠠᠨ ᠨᠢ᠂ ᠲᠠᠨᠢᠯᠲᠠ ᠪᠠᠨ ᠳᠠᠬᠢᠨᠳᠠ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠤᠯᠤᠰ ᠲᠦᠷᠦ ᠶᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠵᠤ᠂ ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠠᠷᠢᠯᠴᠠᠨ ᠳᠡᠮᠵᠢᠵᠦ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠣᠷᠢᠳᠴᠢᠯᠠᠨ ᠨᠢᠭᠡ ᠠᠯᠬᠤᠮ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠪᠠᠨ ᠨᠥᠬᠦᠪᠦᠷᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠳᠬᠤᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠠᠷᠢᠭᠤᠴᠠᠯᠭ᠎ᠠ ᠪᠠᠨ ᠳᠠᠬᠢᠨᠳᠠ ᠲᠣᠳᠣᠷᠬᠠᠶᠢᠯᠠᠬᠤ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠠᠷᠠᠯᠲᠠ ᠡᠭᠦᠷᠭᠡ ᠶᠢ ᠦᠨᠡᠨ ᠬᠦ ᠬᠥᠮᠥᠨ ᠳᠤ ᠬᠦᠷᠲᠡᠯ᠎ᠡ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠲᠣᠳᠣᠷᠬᠠᠶᠢᠯᠠᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠬᠥᠮᠥᠨ ᠲᠠᠢ᠂ ᠶᠠᠪᠤᠳᠠᠯ ᠪᠦᠬᠦᠨ ᠢ ᠡᠭᠦᠷᠭᠡᠯᠡᠬᠦ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠭ᠎ᠠ ᠬᠡᠮᠵᠢᠶ᠎ᠡ ᠪᠠᠨ ᠳᠠᠬᠢᠨᠳᠠ ᠨᠠᠷᠢᠯᠢᠭᠵᠢᠭᠤᠯᠬᠤ ᠬᠡᠷᠡᠭᠲᠡᠢ᠃ ᠰᠡᠳᠬᠢᠬᠦᠢ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠤᠯᠪᠤᠭᠠᠯᠠᠨ ᠬᠠᠮᠵᠢᠯᠴᠠᠬᠤ ᠶᠢ ᠴᠢᠩᠭᠠᠳᠬᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠳᠠᠭᠳᠠᠯ ᠢᠶᠠᠨ ᠪᠠᠶᠢᠴᠠᠭᠠᠨ ᠭᠡᠭᠡᠭᠳᠡᠭᠦᠯᠦᠭᠰᠡᠨ ᠢᠶᠠᠨ ᠨᠥᠬᠦᠪᠦᠷᠢᠯᠡᠵᠦ᠂ ᠳᠣᠲᠠᠭᠳᠠᠯ ᠢᠶᠠᠨ ᠨᠥᠬᠦᠪᠦᠷᠢᠯᠡᠵᠦ᠂ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠶᠡᠷᠦ ᠪᠤᠰᠤ ᠶᠢᠨ ᠠᠷᠭ᠎ᠠ᠂ ᠪᠣᠳᠠᠲᠠᠢ ᠠᠷᠭ᠎ᠠ᠂ ᠬᠠᠲᠠᠭᠤ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠬᠦ ᠲᠠᠯ᠎ᠠ ᠪᠠᠷ ᠳᠡᠭᠡᠭᠰᠢᠯᠡᠭᠦᠯᠦᠨ ᠦᠷ᠎ᠡ ᠪᠦᠲᠦᠮᠵᠢ ᠢᠶᠠᠨ ᠳᠡᠭᠡᠭᠰᠢᠯᠡᠭᠦᠯᠵᠦ᠂ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠳᠠᠬᠢᠨᠳᠠ ᠴᠢᠩᠭᠠᠷᠠᠭᠤᠯᠬᠤ ᠬᠡᠷᠡᠭᠲᠡᠢ ᠃ ᠡᠯ᠎ᠡ ᠲᠥᠷᠥᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠣᠨ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠠᠷᠭ᠎ᠠ ᠮᠠᠶ᠋ᠢᠭ ᠢ ᠠᠪᠴᠤ᠂ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠢᠳᠡᠪᠬᠢᠲᠡᠢ ᠪᠠᠷ ᠤᠬᠠᠭᠤᠯᠵᠤ ᠂ ᠡᠷᠦᠬᠡ ᠪᠣᠯᠭᠠᠨ ᠳᠤ᠂ ᠬᠥᠮᠥᠨ ᠪᠦᠬᠦᠨ ᠳᠤ ᠮᠡᠳᠡᠭᠦᠯᠬᠦ ᠶᠢ ᠪᠡᠶᠡᠯᠡᠭᠦᠯᠵᠦ᠂ ᠬᠤᠰᠢᠭᠤ ᠳᠠᠶᠠᠭᠠᠷ ᠢᠶᠠᠷ ᠢᠶᠠᠨ ᠬᠠᠯᠠᠮᠵᠢᠯᠠᠨ ᠳᠠᠮᠵᠢᠵᠤ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠪᠡ᠃    ᠬᠤᠷᠠᠯ ᠳᠡᠭᠡᠷ᠎ᠡ᠂ ᠪᠥᠬᠦ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ ︔ ᠬᠤᠷᠠᠯ ᠳᠤ ᠣᠷᠣᠯᠴᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号