| ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ | ᠠᠭᠤᠯᠠ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠣᠶ ᠰᠢᠭᠤᠢ ᠲᠠᠷᠢᠶᠠᠨ | ᠭᠠᠵᠠᠷ ᠨᠠᠭᠤᠷ ᠪᠥᠷᠢᠲᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠢᠶᠠᠷ ᠭᠤᠣᠯ ᠴᠣᠭᠴᠠ | ᠪᠣᠯᠭᠠᠬᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠣᠭᠲᠠᠴᠠ ᠶᠢᠨ ᠰᠢᠨ᠎ᠡ ᠶᠢ | ᠡᠭᠦᠳᠬᠦ ᠪᠠᠷ ᠳᠠᠮᠵᠢᠨ᠂ ᠠᠭᠤᠷᠬᠠᠢ ᠶᠢᠨ ︽ᠨᠣᠭᠤᠭᠠᠨ︾ ᠰᠠᠭᠤᠷᠢ ᠥᠩᠭᠡ ᠶᠢ ᠰᠠᠬᠢᠨ ᠬᠠᠮᠠᠭᠠᠯᠠᠵᠤ᠂ | ᠦᠷᠭᠦᠯᠵᠢᠯᠡᠬᠦᠶᠢᠴᠡ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠮᠢ ᠠᠬᠤᠢ ᠶᠢᠨ ᠠᠯᠲᠠ ᠮᠥᠩᠭᠦᠨ ᠠᠭᠤᠯᠠᠨ ᠢ ᠵᠠᠰᠠᠨ | ᠰᠡᠷᠭᠦᠭᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ | | | | ᠲᠣᠭᠤᠰᠣ ᠪᠤᠳᠠᠷᠠᠵᠤ᠂ ᠮᠠᠰᠢᠨ ᠨᠢᠵᠢᠭᠢᠨᠡᠵᠦ᠂ ᠠᠭᠤᠯᠠ ᠠᠲᠠᠷᠰᠢᠵᠤ ᠪᠠᠶᠢᠪᠠ᠂ ᠡᠨᠡ ᠪᠣᠯ ᠵᠠᠬᠠᠨᠠᠭᠤᠷ | ᠠᠭᠤᠷᠬᠠᠢ ᠶᠢᠨ ᠣᠷᠣᠨ ᠤ ᠲᠤᠬᠠᠢ ᠮᠠᠰᠢ ᠣᠯᠠᠨ ᠬᠥᠮᠥᠰ ᠤᠨ ᠦᠩᠭᠡᠷᠡᠭᠰᠡᠨ ᠤ ᠰᠠᠭᠤᠭᠳᠠᠯ ᠪᠣᠯᠣᠨ᠎ᠠ᠃ ᠭᠡᠲᠡᠯ᠎ᠡ | ᠤᠳᠤ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠬᠦ ᠳᠤ ᠬᠤᠸᠠᠷ ᠴᠡᠴᠡᠭ ᠡᠪᠡᠰᠦ | ᠮᠣᠳᠣ ᠢᠭᠴᠤ ᠰᠠᠬᠤᠯᠢᠭ᠂ ᠴᠡᠴᠡᠷᠯᠢᠭ ᠠᠴᠠ ᠭᠤᠶᠤ ᠰᠠᠶᠢᠬᠠᠨ ᠪᠠᠶᠢᠵᠤ᠂ ︽ᠨᠡᠭᠦᠷᠡᠰᠦ ᠮᠠᠯᠲᠠᠵᠤ ᠪᠠᠶᠢᠪᠠᠴᠤ | ᠨᠡᠭᠦᠷᠡᠰᠦ ᠣᠯᠵᠤ ᠦᠵᠡᠬᠦ ᠦᠭᠡᠢ᠂ ᠨᠡᠭᠦᠷᠡᠰᠦ ᠭᠠᠷᠴᠤ ᠪᠠᠶᠢᠪᠠᠴᠤ ᠨᠡᠭᠦᠷᠡᠰᠦ ᠬᠡᠷᠡᠭᠯᠡᠬᠦ ᠦᠭᠡᠢ︾ ᠪᠣᠬᠢᠷᠲᠤᠯ | ᠦᠭᠡᠢ ᠠᠭᠤᠷᠬᠠᠢ ᠶᠢᠨ ᠣᠷᠣᠨ ᠤ ᠦᠵᠡᠮᠵᠢ ᠤᠯᠠᠨ ᠤ ᠨᠢᠳᠦᠨ ᠳᠤ ᠲᠣᠳᠣᠷᠠᠨ᠎ᠠ᠃ | | | ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠪᠣᠯ ᠵᠢᠯ ᠳᠤ 1800 ᠲᠦᠮᠡᠨ | ᠲᠣᠨ ᠭᠠᠷᠤᠯᠲᠠ ᠲᠠᠢ ᠲᠣᠮᠣ ᠬᠡᠯᠪᠡᠷᠢ ᠶᠢᠨ ᠣᠳᠣᠬᠢᠴᠢᠯᠠᠭᠰᠠᠨ ᠵᠠᠳᠠᠭᠠᠢ ᠨᠡᠭᠦᠷᠡᠰᠦᠨ ᠠᠭᠤᠷᠬᠠᠢ ᠮᠦᠨ᠃ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ | ᠲᠥᠯᠥᠭᠡ᠂ ᠺᠣᠮᠫᠠᠨᠢ ᠨᠢ ︽ᠮᠠᠨ ᠤ ᠤᠯᠤᠰ ᠤᠨ ᠥᠨᠳᠥᠷ ᠬᠦᠢᠲᠡᠨ ᠭᠠᠵᠠᠷ ᠣᠷᠣᠨ ᠤ ᠪᠣᠬᠢᠷᠲᠤᠯ ᠦᠭᠡᠢ | ᠠᠭᠤᠷᠬᠠᠢ ᠶᠢᠨ ᠬᠡᠪ ᠳᠠᠭᠤᠷᠢᠶᠠᠯ ᠪᠣᠯᠬᠤ︾ ᠪᠠᠷ ᠬᠠᠷᠠᠯᠲᠠ ᠪᠣᠯᠭᠠᠵᠤ᠂ ︽ᠮᠠᠯᠲᠠᠬᠤ ᠶᠢᠨ ᠳᠠᠭᠠᠤ ᠵᠠᠰᠠᠬᠤ᠂ | ᠰᠡᠷᠭᠦᠭᠡᠬᠦ︾ ᠵᠠᠷᠴᠢᠮ ᠢ ᠵᠢᠷᠤᠮᠯᠠᠨ᠂ ︽ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠᠷ ᠭᠤᠣᠯ ᠪᠣᠯᠭᠠᠨ᠂ | ᠢᠨᠵᠧᠨ᠋ᠷᠢᠩ ᠤᠨ ᠠᠷᠭ᠎ᠠ ᠬᠡᠮᠵᠢᠶ᠎ᠡ ᠪᠠᠷ ᠬᠠᠪᠰᠤᠷᠤᠮᠵᠢ ᠪᠣᠯᠭᠠᠬᠤ︾ ᠮᠡᠷᠭᠡᠵᠢᠯ ᠤᠨ ᠰᠡᠳᠬᠢᠴᠡ ᠶᠢ ᠲᠣᠭᠲᠠᠭᠠᠨ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠲᠤᠨᠢ ᠲᠣᠬᠢᠷᠠᠭᠤᠯᠤᠨ᠂ ᠬᠥᠷᠥᠰᠥ ᠰᠢᠷᠣᠢ ᠶᠢ ᠬᠥᠷᠪᠡᠭᠦᠯᠦᠨ | ᠬᠡᠯᠪᠡᠷᠢᠵᠢᠭᠦᠯᠬᠦ᠂ ᠬᠥᠷᠥᠰᠥ ᠰᠢᠷᠣᠢ ᠶᠢ ᠬᠠᠮᠠᠭᠠᠯᠠᠬᠤ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠤᠷᠭᠤᠮᠠᠯ ᠤ | ᠬᠤᠴᠢᠯᠭ᠎ᠠ ᠶᠢ ᠲᠠᠬᠢᠨ ᠰᠡᠷᠭᠦᠭᠡᠬᠦ᠂ ᠰᠦᠷᠴᠢᠨ ᠤᠰᠤᠯᠠᠬᠤ ᠵᠢᠴᠢ ᠠᠷᠠᠴᠢᠯᠠᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ | ᠵᠢᠷᠭᠤᠭᠠᠨ ᠶᠡᠭᠡ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨ᠋ᠷᠢᠩ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ | ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠢᠳᠡᠪᠬᠢᠲᠡᠢ ᠪᠠᠷ ᠦᠷᠨᠢᠭᠦᠯᠪᠡ᠃ | ᠵᠠᠷᠤᠳ ᠬᠤᠰᠢᠭᠤᠨ ᠤ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ | ᠳᠠᠭᠠᠭᠠᠮᠠᠯ ᠬᠡᠰᠢᠭᠲᠦ᠄ ︽ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠬᠢᠨ ᠠᠮᠢ ᠠᠬᠤᠢ ᠶᠢ | ᠰᠡᠷᠭᠦᠭᠡᠬᠦ ᠪᠡᠯᠡ ᠮᠥᠩᠭᠦ ᠨᠡᠶᠢᠲᠡ 6.07 ᠳ᠋ᠦᠩᠰᠢᠭᠤᠷ ᠲᠥᠭᠦᠷᠢᠭ ᠣᠷᠣᠭᠤᠯᠵᠤ᠂ 2.4 ᠲᠦᠮᠡᠨ ᠮᠦ ᠵᠠᠰᠠᠵᠤ | ᠰᠡᠷᠭᠦᠭᠡᠵᠦ᠂ ᠣᠳᠣᠬᠠᠨ ᠳᠤ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ | ᠬᠡᠮᠵᠢᠶ᠎ᠡ ᠨᠢ 90% ᠬᠦᠷᠴᠦ᠂ ᠪᠥᠬᠦ ᠤᠯᠤᠰ ᠤᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ | ᠬᠤᠴᠢᠯᠭ᠎ᠠ ᠶᠢᠨ ᠬᠡᠮᠵᠢᠶ᠎ᠡ ᠠᠴᠠ 34% ᠥᠨᠳᠥᠷ ᠪᠣᠯᠪᠠ᠂ 1517 ᠾᠧᠺᠲ᠋ᠠᠷ ᠭᠠᠵᠠᠷ ᠤᠨ ᠬᠡᠯᠡᠯᠴᠡᠭᠡᠷ ᠲᠤ | ᠭᠠᠷ ᠤᠨ ᠥᠰᠥᠭ ᠵᠢᠷᠤᠵᠤ᠂ ︿ᠭᠠᠵᠠᠷ ᠬᠡᠷᠡᠭᠯᠡᠬᠦ - ᠠᠭᠤᠷᠬᠠᠢ ᠮᠠᠯᠲᠠᠬᠤ - ᠳᠠᠬᠢᠨ ᠬᠠᠭᠠᠯᠪᠤᠷᠢᠯᠠᠬᠤ - ᠭᠠᠵᠠᠷ | ᠰᠡᠷᠭᠦᠭᠡᠬᠦ﹀ ᠪᠦᠷᠢᠨ ᠪᠦᠲᠦᠨ ᠡᠷᠭᠢᠯᠲᠡ ᠶᠢ ᠪᠡᠶᠡᠯᠡᠭᠦᠯᠵᠦ᠂ 2.3 ᠲᠦᠮᠡᠨ ᠮᠦ ᠰᠢᠷᠣᠢ ᠭᠠᠳᠠᠭᠰᠢᠯᠠᠭᠤᠯᠬᠤ | ᠲᠠᠯᠠᠪᠠᠶ ᠶᠢ ᠨᠤᠲᠤᠭ ᠪᠡᠯᠴᠢᠭᠡᠷ ᠰᠢᠨ᠎ᠡ ᠮᠠᠯᠵᠢᠯ ᠤᠨ ᠲᠠᠯᠠᠪᠠᠶ ᠪᠣᠯᠭᠠᠨ ᠬᠤᠪᠢᠷᠠᠭᠤᠯᠪᠠ︾᠃ | ᠴᠦᠮᠦᠷᠡᠭᠰᠡᠨ ᠭᠠᠵᠠᠷ ᠢ ᠪᠥᠭᠯᠡᠬᠦ᠂ ᠬᠠᠵᠠᠭᠤ ᠪᠡᠯ ᠭᠠᠵᠠᠷ ᠢ ᠰᠡᠯᠪᠢᠨ ᠵᠠᠰᠠᠬᠤ᠂ ᠠᠮᠢ ᠠᠬᠤᠢ ᠶᠢ ᠰᠡᠷᠭᠦᠭᠡᠬᠦ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠪᠡᠯ ᠭᠠᠵᠠᠷ ᠢ ᠱᠠᠲᠤᠨ ᠭᠠᠵᠠᠷ ᠪᠣᠯᠭᠠᠨ ᠥᠭᠡᠷᠡᠴᠢᠯᠡᠬᠦ ᠵᠡᠷᠭᠡ ᠪᠤᠰᠤᠳ | ᠳᠠᠭᠠᠯᠲᠠ ᠲᠥᠬᠦᠭᠡᠷᠦᠮᠵᠢ ᠵᠡᠷᠭᠡ ᠶᠢ ︽3+1+n︾ ᠠᠷᠠᠴᠢᠯᠠᠨ ᠬᠠᠮᠠᠭᠠᠯᠠᠬᠤ ᠵᠠᠭᠪᠤᠷ ᠪᠠᠷ ᠳᠠᠮᠵᠢᠨ᠂ ᠵᠠᠬᠠᠨᠠᠭᠤᠷ | ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠬᠢᠨ ︽ᠮᠠᠯ ᠠᠵᠤ ᠠᠬᠤᠢ᠂ ᠤᠢ ᠰᠢᠭᠤᠢ᠂ ᠭᠡᠷᠡᠯ᠂ | ᠬᠦᠷᠢᠶᠡᠯᠡᠩ︾ ᠢᠶᠠᠷ ᠠᠯᠤᠰ ᠤᠨ ᠲᠥᠯᠥᠪ ᠢᠶᠠᠨ ᠪᠣᠯᠭᠠᠭᠰᠠᠨ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠠᠮᠢ | ᠠᠬᠤᠢ ᠶᠢᠨ ᠬᠡᠯᠪᠡᠷᠢ ᠶᠢᠨ ᠠᠭᠤᠷᠬᠠᠢ ᠶᠢ ᠰᠦᠪᠡᠭᠴᠢᠯᠡᠨ ᠪᠠᠶᠢᠭᠤᠯᠵᠤ᠂ ᠣᠳᠣᠬᠠᠨ ᠳᠤ ᠺᠣᠮᠫᠠᠨᠢ ᠶᠢᠨ ᠬᠢᠨ ᠲᠤᠷᠤᠭ | ᠮᠣᠳᠣ 5.7 ᠲᠦᠮᠡᠨ ᠰᠠᠭᠤᠷᠢ᠂ ᠪᠤᠲᠠ ᠮᠣᠳᠤ 630 ᠲᠦᠮᠡᠨ ᠰᠠᠭᠤᠷᠢ ᠵᠠᠶᠢᠯᠠᠪᠠ︔ 29.6 ᠲᠦᠮᠡᠨ ᠮᠧᠲᠷ | ᠤᠰᠤ ᠬᠠᠩᠭᠠᠬᠤ ᠬᠤᠭᠤᠯᠠᠢ ᠶᠢᠨ ᠲᠣᠣᠷ ᠢ ᠤᠭᠰᠠᠷᠠᠵᠤ᠂ 9 ᠤᠰᠤ ᠬᠠᠳᠠᠭᠠᠯᠠᠬᠤ ᠲᠠᠲᠠᠭᠠᠯ ᠪᠠᠶᠢᠭᠤᠯᠵᠤ᠂ ᠰᠢᠷᠣᠢ | ᠭᠠᠳᠠᠭᠰᠢᠯᠠᠭᠤᠯᠬᠤ ᠲᠠᠯᠠᠪᠠᠶ ᠶᠢᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 90% ᠠᠴᠠ | ᠳᠡᠭᠡᠭᠰᠢ ᠳᠤ ᠬᠦᠷᠴᠦ᠂ ᠪᠥᠬᠦ ᠤᠯᠤᠰ ᠤᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ | ᠬᠤᠴᠢᠯᠭ᠎ᠠ ᠶᠢᠨ 34% ᠠᠴᠠ ᠥᠨᠳᠥᠷ ᠪᠣᠯᠪᠠ᠃ | ︽ᠳᠠᠷᠠᠭᠠᠴᠢ ᠶᠢᠨ ᠠᠯᠬᠤᠮ ᠳᠤ᠂ ᠪᠢᠳᠡ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠭᠠᠵᠠᠷ ᠰᠢᠷᠣᠢ ᠶᠢᠨ | ᠢᠨᠵᠧᠨᠧᠷᠢᠩ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠭᠤᠷᠬᠠᠢ ᠶᠢᠨ ᠨᠤᠲᠤᠭ ᠪᠡᠯᠴᠢᠭᠡᠷ ᠤᠨ ᠠᠮᠢ | ᠠᠬᠤᠢ ᠶᠢ ᠬᠠᠮᠠᠭᠠᠯᠠᠵᠤ ᠰᠡᠷᠭᠦᠭᠡᠬᠦ ᠪᠣᠳᠠᠲᠠᠢ ᠬᠡᠷᠡᠭᠴᠡᠭᠡ ᠶᠢᠨ ᠲᠣᠭᠤᠷᠢᠨ ᠳᠤ᠂ ᠠᠭᠤᠷᠬᠠᠢ ᠶᠢᠨ ᠠᠮᠢ ᠠᠬᠤᠢ ᠶᠢ | ᠰᠡᠷᠭᠦᠭᠡᠬᠦ ᠠᠵᠢᠯ ᠤᠨ ᠨᠡᠩ ᠥᠨᠳᠥᠷ ᠲᠦᠪᠰᠢᠨ ᠳᠤ ᠬᠦᠷᠬᠦ ᠶᠢ ᠠᠬᠢᠭᠤᠯᠵᠤ᠂ ᠤᠯᠤᠰ ᠤᠨ ᠲᠡᠰ ᠤᠨ ᠥᠨᠳᠥᠷ | ᠬᠦᠢᠲᠡᠨ ᠭᠠᠩ ᠬᠠᠭᠤᠷᠠᠢ ᠠᠭᠤᠷᠬᠠᠢ ᠮᠠᠯᠲᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠶᠢᠲᠡᠯᠢᠭ | ᠵᠢᠱᠢᠶ᠎ᠡ ᠶᠢ ᠲᠦᠷᠭᠡᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠬᠠᠯᠬᠠᠪᠴᠢ ᠶᠢ | ᠪᠠᠬᠢᠵᠢᠭᠦᠯᠬᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠦᠨ᠎ᠡ︾ ᠭᠡᠵᠦ ᠬᠡᠰᠢᠭᠲᠦ ᠬᠡᠯᠡᠪᠡ᠃ | ᠪᠣᠬᠢᠷᠲᠤᠯ ᠦᠭᠡᠢ ᠪᠠᠶᠢᠬᠤ ᠪᠣᠯ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ | ᠥᠩᠭᠡ ᠪᠣᠯᠣᠨ᠎ᠠ᠃ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠪᠣᠯ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠠᠭᠤᠷᠬᠠᠢ ᠶᠢᠨ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠪᠣᠬᠢᠷᠲᠤᠯ ᠦᠭᠡᠢ ᠬᠦᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠃ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠪᠥᠬᠦ | ᠬᠤᠰᠢᠭᠤᠨ ᠤ ᠬᠢᠨ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠨ᠂ | ᠴᠡᠯᠮᠡᠭ ᠣᠭᠲᠠᠷᠭᠤᠢ᠂ ᠬᠥᠬᠡ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠦᠷᠭᠦᠯᠵᠢᠯᠡᠨ ᠰᠠᠶᠢᠲᠤᠷ ᠬᠢᠵᠦ | ᠂ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠣᠷᠢᠭᠵᠢᠭᠤᠯᠤᠨ ᠳᠡᠮᠵᠢᠬᠦ ᠪᠠ ᠬᠢᠨᠠᠯᠲᠠ | ᠲᠠᠯᠪᠢᠬᠤ ᠶᠢ ᠴᠢᠩᠭᠠᠳᠬᠠᠬᠤ ᠪᠠᠷ ᠳᠡᠮᠵᠢᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠡᠯ᠎ᠡ ᠵᠦᠢᠯ ᠤᠨ ᠠᠵᠢᠯ ᠢ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠪᠣᠬᠢᠷᠲᠤᠯ ᠦᠭᠡᠢ | ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠷᠮᠠᠶᠢᠨ | ᠳᠡᠭᠡᠭᠰᠢᠯᠡᠭᠦᠯᠦᠨ᠎ᠡ᠃ ᠣᠶᠢᠯᠠᠭᠠᠭᠰᠠᠨ ᠢᠶᠠᠷ᠂ ᠡᠨᠡ ᠵᠢᠯ᠂ ᠲᠦᠩᠯᠢᠶᠣᠣ ᠬᠤᠲᠠ ᠶᠢᠨ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠲᠣᠭᠤᠷᠢᠭ ᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠳᠤ | 8166.77 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠣᠯ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠬᠡᠰᠡᠭ ᠤᠨ ᠵᠠᠷᠤᠳ | ᠬᠤᠰᠢᠭᠤᠨ ᠤ ᠵᠠᠰᠠᠯᠲᠠ ᠶᠢᠨ ᠲᠣᠭᠤᠷᠢᠭ ᠤᠨ ᠬᠠᠶᠠᠭᠳᠠᠮᠠᠯ ᠡᠵᠡᠨ ᠦᠭᠡᠢ 87 ᠠᠭᠤᠷᠬᠠᠢ ᠶᠢᠨ ᠨᠦᠬᠡ᠂ 460.9 | ᠾᠧᠺᠲ᠋ᠠᠷ ᠲᠠᠯᠠᠪᠠᠶ ᠶᠢ ᠶᠡᠷᠦᠩᠬᠡᠶᠢᠯᠡᠨ ᠵᠠᠰᠠᠵᠤ ᠪᠣᠯᠣᠨ᠎ᠠ︔ ᠯᠢᠶᠠᠨ ᠾᠧ ᠲᠦᠨ ᠨᠡᠭᠦᠷᠡᠰᠦᠨ ᠠᠭᠤᠷᠬᠠᠢ ᠶᠢᠨ | ᠵᠠᠰᠠᠯᠲᠠ ᠶᠢᠨ ᠣᠷᠣᠨ ᠤ ᠴᠥᠮᠥᠷᠡᠭᠰᠡᠨ ᠬᠤᠳᠳᠤᠭ ᠵᠢᠴᠢ ᠴᠥᠮᠥᠷᠡᠭᠰᠡᠨ ᠣᠷᠣᠨ ᠢ 64 ᠬᠡᠰᠡᠭ ᠵᠠᠰᠠᠵᠤ᠂ 231. | 3 ᠾᠧᠺᠲ᠋ᠠᠷ ᠪᠣᠯᠣᠨ᠎ᠠ᠃ |