| 9 ᠰᠠᠷ᠎ᠠ ᠶᠢᠨ 18 ᠤ ᠡᠳᠦᠷ᠂ ᠵᠠᠷᠤᠳ ᠬᠤᠰᠢᠭᠤ ᠠᠶᠤᠯᠭᠦᠢ ᠦᠢᠯᠡᠳᠪᠦᠷᠢᠯᠡᠯ ᠵᠢᠴᠢ ᠨᠠᠮᠤᠷ ᠡᠪᠦᠯ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ | ᠬᠤᠷᠠᠯ ᠡᠷᠭᠢᠯᠡᠨ ᠶᠠᠷᠢᠶ᠎ᠠ ᠲᠠᠯᠪᠢᠪᠠ᠂ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ᠂ ᠵᠠᠩ ᠯᠢ ᠭᠦᠸᠧ | ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ | ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ᠂ ᠯᠦᠪᠸᠢ ᠵᠡᠭᠡᠯᠢ ᠭᠤᠳᠤᠮᠵᠢ ᠵᠢᠴᠢ ᠬᠤᠰᠢᠭᠤᠨ ᠤ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠮᠦ ᠲᠢᠶᠧ ᠮᠢᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠨᠢ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠣᠯᠣᠨ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠲᠠᠢ | ᠬᠤᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠨ᠎ᠠ᠃ ᠬᠤᠰᠢᠭᠤᠨ ᠤ | ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨ ᠤᠯᠤᠰ ᠲᠥᠷᠥ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠶᠤᠯᠭᠦᠢ ᠦᠢᠯᠡᠳᠪᠦᠷᠢᠯᠡᠯ | ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠪᠣᠲᠠᠲᠠᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠬᠠᠷᠢᠭᠤᠴᠠᠯᠭᠠᠲᠠᠨ ᠢ ᠲᠣᠳᠣᠷᠬᠠᠶᠢᠯᠠᠨ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠤᠬᠠᠭᠤᠯᠭ᠎ᠠ ᠪᠠ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠴᠠᠭ | ᠦᠶ᠎ᠡ ᠳᠤ ᠭᠤᠣᠯ ᠪᠣᠯᠬᠤ ᠵᠠᠮ ᠤᠨ ᠠᠭᠤᠯᠵᠠᠷ ᠪᠠ ᠭᠤᠣᠯᠳᠠᠯᠭ᠎ᠠ ᠲᠠᠢ ᠭᠠᠵᠠᠷ ᠢ ᠴᠢᠩᠭ᠎ᠠ ᠡᠵᠡᠮᠳᠡᠨ ᠬᠠᠮᠢᠶᠠᠷᠴᠤ᠂ | ᠣᠨᠴᠠᠭᠠᠶᠢᠯᠠᠨ ᠠᠭᠤᠯᠠᠨ ᠳᠤ ᠣᠷᠣᠵᠤ ᠣᠶ ᠰᠢᠭᠤᠢ ᠳᠤ ᠣᠷᠣᠬᠤ ᠵᠢᠭᠤᠯᠴᠢᠯᠠᠯ᠂ ᠲᠠᠬᠢᠯᠭ᠎ᠠ ᠶᠢᠨ ᠲᠡᠷᠭᠡ ᠬᠥᠰᠬᠡ | ᠪᠠ ᠬᠥᠮᠥᠰ ᠢ ᠴᠢᠩᠭ᠎ᠠ ᠪᠠᠶᠢᠴᠠᠭᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠠᠴᠠ ᠪᠣᠯᠵᠤ ᠭᠠᠯ ᠤᠨ ᠭᠠᠮᠰᠢᠭ | ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠣᠳᠠᠲᠤ ᠳᠠᠶᠢᠨ ᠤ ᠱᠠᠭᠠᠷᠳᠠᠯᠭ᠎ᠠ ᠳᠤ ᠰᠠᠭᠤᠷᠢᠯᠠᠨ᠂ ᠭᠠᠯ | ᠰᠡᠷᠭᠡᠶᠢᠯᠡᠬᠦ ᠡᠩᠨᠡᠭᠡ ᠶᠢᠨ ᠪᠣᠯᠪᠠᠰᠤᠷᠠᠭᠤᠯᠤᠯ ᠰᠣᠷᠢᠯᠲᠠ ᠶᠢ ᠰᠠᠶᠢᠲᠤᠷ ᠬᠢᠵᠦ᠂ ᠭᠠᠯ ᠤᠨᠲᠠᠷᠠᠭᠠᠬᠤ ᠡᠭᠦᠷᠭᠡ ᠶᠢ | ᠪᠦᠲᠦᠮᠵᠢᠲᠡᠶ ᠡᠭᠦᠷᠭᠡᠯᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠵᠢᠵᠢᠭᠦᠷᠯᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠪᠠᠴᠢᠮ ᠴᠢᠬᠤᠯᠠ ᠬᠤᠭᠤᠴᠠᠭᠠᠨ ᠳᠤ ᠤᠳᠤᠷᠢᠳᠤᠯᠭ᠎ᠠ ᠵᠢᠵᠢᠭᠦᠷ ᠡᠭᠡᠯᠵᠢ | ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠶᠢ ᠪᠠᠷᠢᠮᠲᠠᠯᠠᠵᠤ᠂ ᠭᠠᠯ ᠲᠦᠢᠮᠡᠷ ᠭᠠᠷᠬᠤ ᠦᠶᠡᠰ᠂ ᠲᠡᠷᠡ ᠳᠠᠷᠤᠢ | ᠳᠤᠨᠢ ᠭᠠᠯ ᠤᠨᠲᠠᠷᠠᠭᠠᠬᠤ ᠶᠢ ᠵᠢᠯᠤᠭᠤᠳᠴᠤ᠂ ︽ᠡᠷᠲᠡ ᠬᠦᠳᠡᠯᠵᠦ᠂ ᠪᠠᠭ᠎ᠠ ᠦᠶ᠎ᠡ ᠳᠤᠨᠢ ᠳᠠᠷᠣᠵᠤ᠂ | ᠣᠨᠲᠠᠷᠠᠭᠠᠵᠤ ᠳᠡᠶᠢᠯᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠪᠡ᠃ | ᠮᠦ ᠲᠢᠶᠧ ᠮᠢᠨ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠢᠨᠴᠦᠭᠦᠷᠡᠬᠦ | ᠂ ᠴᠠᠯᠠᠭᠠᠶᠢᠷᠠᠬᠤ᠂ ᠠᠵᠠ ᠬᠠᠷᠠᠬᠤ ᠦᠵᠡᠯ ᠰᠠᠨᠠᠭ᠎ᠠ ᠶᠢ ᠡᠷᠡᠰ ᠲᠠᠶᠠᠭᠳᠠᠵᠤ᠂ ︽ᠴᠠᠭ ᠢᠮᠠᠭᠲᠠ ᠰᠠᠨᠠᠭ᠎ᠠ ᠠᠮᠤᠷ | ᠪᠠᠶᠢᠬᠤ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠣᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠣᠨ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ | ᠨᠢᠭᠡ ᠠᠯᠬᠤᠮ ᠨᠡᠮᠡᠭᠳᠡᠭᠦᠯᠦᠨ᠂ ᠪᠠᠭᠤᠷᠠᠢ ᠭᠤᠭᠴᠤᠭ᠎ᠠ ᠪᠣᠯᠣᠨ ᠲᠣᠪᠣᠶᠢᠮ᠎ᠠ ᠠᠰᠠᠭᠤᠳᠠᠯ ᠢ ᠬᠢᠨᠠᠮᠠᠭᠠᠢ ᠡᠷᠢᠵᠦ᠂ | ᠠᠶᠣᠯᠭᠦᠢ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠶᠣᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ᠂ ᠨᠠᠷᠢᠨ ᠪᠥᠭᠡᠳ ᠲᠦᠷᠭᠡᠨ | ᠰᠠᠶᠢᠲᠤᠷ ᠠᠳᠬᠤᠵᠤ᠂ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠤᠨ᠂ | ᠦᠪᠡᠷ ᠦᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠵᠢᠭᠰᠠᠭᠠᠨ | ᠪᠠᠶᠢᠴᠠᠭᠠᠬᠤ ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠲᠣᠣᠷ ᠲᠠᠲᠠᠬᠤ ᠬᠡᠯᠪᠡᠷᠢ ᠪᠠᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠯᠬᠠᠪᠴᠢ ᠶᠢ | ᠪᠠᠬᠢᠵᠢᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ︾ | ᠪᠠᠶᠢᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠬᠢᠨ ︽ᠵᠡᠷᠭᠡᠪᠡᠷ ᠠᠳᠬᠤᠵᠤ ᠬᠠᠮᠲᠤᠪᠠᠷ | ᠬᠠᠮᠢᠶᠠᠷᠬᠤ︾ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠠᠳᠬᠤᠵᠤ ᠪᠣᠳᠠᠲᠠᠶᠢᠵᠢᠭᠤᠯᠤᠨ᠂ ᠠᠶᠤᠯ ᠲᠠᠢ ᠬᠢᠮᠢ ᠶᠢᠨ ᠪᠤᠳᠠᠰ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠵᠠᠮ | ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ | ᠲᠠᠰᠤᠷᠠᠯᠲᠠ ᠦᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠠᠮᠤᠷ ᠲᠦᠪᠰᠢᠨ ᠤ ᠳᠠᠯᠳᠠ ᠬᠡᠮ ᠢ | ᠠᠷᠢᠯᠭᠠᠬᠤ ᠬᠡᠷᠡᠭᠲᠡᠢ᠃ ᠠᠵᠢᠯ ᠤᠨ ᠬᠢᠨᠠᠨ ᠰᠢᠯᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠠᠵᠢᠯ ᠤᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠨᠠᠷ | ᠴᠢᠨᠰᠠᠭ᠎ᠠ ᠪᠠ ᠤᠬᠠᠭᠤᠯᠤᠨ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ ᠭᠡᠪᠡ᠃ | | | |