| ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠬᠢᠨ ︽ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠬᠤᠷᠴᠢᠨ ᠤ ᠲᠠᠯ᠎ᠠ ᠨᠤᠲᠤᠭ ᠤᠨ ᠠᠭᠤᠯᠠ | ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠲᠥ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ | ᠪᠠ ᠰᠡᠷᠭᠦᠭᠡᠬᠦ ᠢᠨᠵᠧᠨᠧᠷᠢᠩ ᠲᠠᠢ ᠤᠶᠠᠯᠳᠤᠭᠤᠯᠤᠨ᠂ ᠲᠠᠷᠢᠮᠠᠯ ᠤᠨ ᠦᠢᠯᠡᠰ ᠲᠤ ᠪᠦᠲᠦᠴᠡ ᠶᠢᠨ ᠲᠣᠬᠢᠷᠠᠭᠤᠯᠤᠯᠲᠠ | ᠬᠢᠵᠦ ᠲᠤᠬᠠᠢ ᠶᠢᠨ ᠭᠠᠵᠠᠷ ᠣᠷᠣᠨ ᠳᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠤᠰᠤᠨ ᠤ ᠡᠬᠢ | ᠪᠠᠶᠠᠯᠢᠭ ᠤᠨ ᠳᠠᠭᠠᠭᠠᠴᠠ ᠶᠢ ᠦᠨᠳᠦᠰᠦᠯᠡᠨ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠡᠲᠦᠷᠡᠲᠡᠯ᠎ᠡ | ᠮᠠᠯᠲᠠᠭᠰᠠᠨ ᠣᠷᠣᠨ ᠤ ᠡᠷᠳᠡᠨᠢ ᠰᠢᠰᠢ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠢ ᠰᠢᠷ᠎ᠠ ᠪᠤᠷᠴᠠᠭ᠂ ᠨᠠᠷᠢᠮᠤ᠂ | ᠰᠢᠰᠢ ᠵᠡᠷᠭᠡ ᠤᠰᠤ ᠬᠡᠷᠡᠭᠰᠡᠬᠦ ᠬᠡᠮᠵᠢᠶ᠎ᠡ ᠪᠠᠷ ᠨᠡᠯᠢᠶᠡᠳ ᠪᠠᠭ᠎ᠠ ᠲᠠᠷᠢᠮᠠᠯ ᠪᠣᠯᠭᠠᠨ ᠲᠣᠬᠢᠷᠠᠭᠤᠯᠵᠤ᠂ ︽ᠤᠰᠤᠨ ᠤ | ᠬᠡᠮᠵᠢᠶ᠎ᠡ ᠶᠢ ᠦᠵᠡᠵᠦ ᠲᠣᠭᠲᠠᠭᠠᠵᠤ᠂ ᠬᠡᠷᠡᠭᠴᠡᠭᠡ ᠪᠠᠨ ᠦᠵᠡᠵᠦ ᠤᠰᠤ ᠬᠡᠷᠡᠭᠯᠡᠬᠦ︾ ᠬᠠᠷᠠᠯᠲᠠ ᠳᠤ ᠬᠦᠷᠪᠡ᠃ | | |  ᠡᠨᠡ ᠬᠤᠶᠠᠷ ᠡᠳᠦᠷ᠂ ᠰᠤᠷᠪᠤᠯᠵᠢᠯᠠᠭᠴᠢ ᠪᠠᠶᠠᠨᠲᠠᠯ᠎ᠠ ᠰᠤᠮᠤ ᠶᠢᠨ ᠪᠠᠷᠠᠭᠤᠨ ᠪᠠᠶᠠᠨᠲᠠᠯ᠎ᠠ ᠲᠣᠰᠬᠤᠨ ᠤ ᠡᠯᠳᠡᠪ | ᠠᠮᠤ ᠡᠯᠳᠡᠪ ᠪᠤᠷᠴᠠᠭ ᠤᠨ ᠵᠢᠱᠢᠶ᠎ᠡ ᠦᠵᠡᠭᠦᠯᠬᠦ ᠣᠷᠣᠨ ᠬᠦᠷᠬᠦ ᠳᠤ᠂ ᠬᠡᠰᠡᠭ ᠬᠡᠰᠡᠭ ᠨᠠᠷᠢᠮᠤ ᠪᠣᠯᠣᠨ ᠨᠡᠷᠡᠨ | ᠬᠤᠸᠠᠷ ᠤᠨ ᠲᠠᠷᠢᠶᠠᠨ ᠤ ᠤᠷᠭᠤᠴᠠ ᠬᠥᠮᠥᠨ ᠢ ᠪᠠᠶᠠᠰᠬᠠᠵᠤ᠂ ᠡᠯᠪᠡᠭ ᠬᠤᠷᠢᠶᠠᠯᠲᠠ ᠣᠯᠬᠤ ᠡᠷᠡᠮᠡᠯᠵᠡᠯᠡᠯ ᠲᠠᠢ | ᠪᠠᠶᠢᠨ᠎ᠠ᠃ | ︽ᠡᠨᠡ ᠵᠢᠯ᠂ ᠮᠠᠨ ᠤ ᠬᠤᠷᠰᠢᠶ᠎ᠠ 4000 ᠮᠦ ᠨᠠᠷᠢᠮᠤ ᠳᠠᠷᠢᠵᠤ᠂ ᠵᠢᠱᠢᠯᠲᠡ ᠪᠠᠷ ᠮᠦ ᠪᠦᠷᠢ ᠶᠢᠨ ᠣᠨᠠᠯᠲᠠ | 400 ᠺᠢᠯᠣᠭ᠍ᠷᠠᠮ ᠠᠴᠠ ᠳᠡᠭᠡᠭᠰᠢ ᠬᠦᠷᠴᠦ᠂ ᠮᠦ ᠪᠦᠷᠢ ᠶᠢᠨ ᠳᠤᠮᠳᠠᠴᠢ ᠣᠷᠣᠯᠭ᠎ᠠ ᠨᠢ 2240 ᠲᠥᠭᠦᠷᠢᠭ ᠠᠴᠠ | 2400 ᠲᠥᠭᠦᠷᠢᠭ ᠬᠦᠷᠦᠨ᠎ᠡ᠃ 3000 ᠮᠦ ᠨᠡᠷᠡᠨ ᠬᠤᠸᠠᠷ ᠳᠠᠷᠢᠵᠤ᠂ ᠵᠢᠱᠢᠯᠲᠡ ᠪᠠᠷ ᠮᠦ ᠪᠦᠷᠢ ᠶᠢᠨ | ᠳᠤᠮᠳᠠᠴᠢ ᠣᠷᠣᠯᠭ᠎ᠠ ᠨᠢ 2400 ᠲᠥᠭᠦᠷᠢᠭ ᠠᠴᠠ ᠳᠡᠭᠡᠭᠰᠢ ᠪᠣᠯᠣᠨ᠎ᠠ᠃︾ ᠭᠡᠵᠦ ᠪᠠᠷᠠᠭᠤᠨ ᠪᠠᠶᠠᠨᠲᠠᠯ᠎ᠠ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠢᠦᠢ ᡁᠢ ᠢᠦᠢ ᠬᠡᠯᠡᠪᠡ᠃ | ᠪᠠᠶᠠᠨᠲᠠᠯ᠎ᠠ ᠰᠤᠮᠤ ᠶᠢᠨ ᠡᠯᠳᠡᠪ ᠠᠮᠤ ᠡᠯᠳᠡᠪ ᠪᠤᠷᠴᠠᠭ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠪᠣᠯ ᠪᠠᠷᠠᠭᠤᠨ ᠪᠠᠶᠠᠨᠲᠠᠯ᠎ᠠ ᠲᠣᠰᠬᠤᠨ ᠤ ᠨᠠᠮ ᠤᠨ ᠡᠭᠦᠷ ᠤᠨ ᠳᠠᠭᠠᠭᠤᠯᠤᠨ ᠡᠷᠭᠢᠯᠡᠭᠰᠡᠨ ᠰᠢᠨ᠎ᠡ | ᠬᠡᠯᠪᠡᠷᠢ ᠶᠢᠨ ᠲᠠᠷᠢᠮᠠᠯ ᠤᠨ ᠦᠢᠯᠡᠰ ᠤᠨ ᠬᠤᠷᠰᠢᠶ᠎ᠠ ᠪᠣᠯᠣᠨ᠎ᠠ᠃ ᠬᠤᠷᠰᠢᠶ᠎ᠠ ᠠᠴᠠ ᠭᠦᠶᠦᠬᠡᠨ ᠪᠤᠯᠠᠵᠤ ᠳᠤᠰᠤᠯᠭᠠᠨ | ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠢ | ᠪᠦᠬᠦ ᠲᠠᠯ᠎ᠠ ᠪᠠᠷ ᠳᠡᠯᠭᠡᠷᠡᠭᠦᠯᠵᠦ᠂ ᠤᠰᠤ ᠪᠣᠷᠳᠣᠭᠤᠷ ᠢ ᠬᠠᠷᠢᠴᠠᠭᠤᠯᠬᠤ᠂ ᠭᠠᠷᠤᠯᠲᠠ ᠶᠢ ᠬᠠᠷᠢᠴᠠᠭᠤᠯᠬᠤ᠂ ᠦᠷ᠎ᠡ | ᠠᠰᠢᠭ ᠢ ᠬᠠᠷᠢᠴᠠᠭᠤᠯᠬᠤ ᠪᠠᠷ ᠳᠠᠮᠵᠢᠭᠤᠯᠤᠨ᠂ ᠲᠤᠰ ᠭᠠᠵᠠᠷ ᠣᠷᠣᠨ ᠤ ᠦᠢᠯᠡᠳᠪᠦᠷᠢᠯᠡᠯ ᠳᠤ ᠲᠣᠬᠢᠷᠠᠬᠤ ᠴᠢᠨᠠᠷ | ᠰᠠᠶᠢᠲᠠᠢ᠂ ᠥᠨᠳᠥᠷ ᠳᠠᠭᠠᠭᠠᠴᠠ ᠲᠠᠢ᠂ ᠥᠨᠳᠥᠷ ᠤᠨᠠᠯᠲᠠ ᠲᠠᠢ ᠲᠦᠷᠦᠯ ᠵᠦᠢᠯ ᠢ ᠰᠢᠯᠢᠨ ᠰᠣᠩᠭᠤᠵᠤ ᠭᠠᠷᠭᠠᠨ᠂ | ᠡᠯᠳᠡᠪ ᠠᠮᠤ ᠶᠢᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠡᠯᠳᠡᠪ | ᠠᠮᠤ ᠶᠢᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ | | | ︽ᠪᠦᠲᠦᠴᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ | ᠬᠡᠮᠵᠢᠶ᠎ᠡ ᠶᠢ ᠪᠠᠭᠠᠰᠬᠠᠭᠰᠠᠨ ᠢᠶᠠᠷ ᠪᠠᠷᠠᠬᠤ ᠦᠭᠡᠢ᠂ ᠵᠢᠯ ᠪᠦᠷᠢ ᠶᠢᠨ ᠲᠥᠷᠥᠯ ᠵᠦᠢᠯ ᠤᠨ ᠣᠷᠣᠨ ᠤ ᠤᠰᠤ | ᠠᠷᠪᠢᠯᠠᠬᠤ ᠶᠡᠷᠦᠩᠬᠡᠢ ᠬᠡᠮᠵᠢᠶ᠎ᠡ 84 ᠲᠦᠮᠡᠨ ᠪᠣᠰᠤᠭ᠎ᠠ ᠳᠥᠷᠪᠡᠯᠵᠢᠨ ᠮᠧᠲᠷ ᠬᠦᠷᠴᠦ᠂ 90 ᠬᠤᠳᠳᠤᠭ ᠢ | ᠳᠠᠷᠤᠭᠰᠠᠨ ᠲᠠᠢ ᠲᠡᠩᠴᠡᠨ᠎ᠡ᠂ ᠪᠠᠰᠠ ᠬᠢᠮᠢ ᠶᠢᠨ ᠪᠣᠷᠳᠣᠭᠤᠷ ᠬᠡᠷᠡᠭᠯᠡᠬᠦ ᠶᠢ ᠬᠢᠵᠠᠭᠠᠷᠯᠠᠵᠤ ᠡᠮ ᠬᠡᠷᠡᠭᠯᠡᠬᠦ ᠶᠢ | ᠪᠠᠭᠠᠰᠬᠠᠬᠤ ᠲᠠᠯ᠎ᠠ ᠪᠠᠷ᠂ ᠰᠠᠭᠤᠷᠢ ᠪᠣᠷᠳᠣᠭᠤᠷ ᠬᠡᠷᠡᠭᠯᠡᠭᠰᠡᠨ ᠬᠡᠮᠵᠢᠶ᠎ᠡ ᠪᠠ ᠨᠡᠮᠡᠯᠲᠡ ᠪᠣᠷᠳᠣᠭᠤᠷ ᠬᠡᠷᠡᠭᠯᠡᠬᠦ | ᠲᠠᠯ᠎ᠠ ᠪᠠᠷ ᠴᠥᠮ ᠡᠷᠳᠡᠨᠢ ᠰᠢᠰᠢ ᠠᠴᠠ 30 ᠺᠢᠯᠣᠭ᠍ᠷᠠᠮ ᠣᠷᠴᠢᠮ ᠪᠠᠭᠠᠰᠤᠭᠰᠠᠨ ᠪᠠᠶᠢᠨ᠎ᠠ᠃ ᠦᠢᠯᠡᠳᠪᠦᠷᠢᠯᠡᠯ ᠤᠨ | ᠥᠪᠡᠷ ᠤᠨ ᠦᠷᠳᠡᠭ ᠤᠨ ᠲᠠᠯ᠎ᠠ ᠪᠠᠷ᠂ ᠬᠥᠮᠥᠨ ᠤ ᠬᠦᠴᠦ ᠪᠠᠷ ᠤᠰᠤᠯᠠᠬᠤ ᠪᠣᠶᠤ ᠪᠣᠷᠳᠣᠭᠤᠷ ᠬᠡᠷᠡᠭᠯᠡᠬᠦ ᠲᠠᠯ᠎ᠠ ᠪᠠᠷ | ᠪᠦᠬᠦᠨ ᠢ ᠪᠠᠭᠠᠰᠬᠠᠵᠤ᠂ ᠮᠦ ᠪᠦᠷᠢ ᠶᠢᠨ ᠰᠦᠢᠳᠬᠡᠯ ᠢ 220 ᠲᠥᠭᠦᠷᠢᠭ ᠣᠷᠴᠢᠮ ᠪᠠᠭᠠᠰᠬᠠᠪᠠ︾ ᠭᠡᠵᠦ ᠰᠢᠦᠢ | ᡁᠢ ᠢᠦᠢ ᠲᠠᠨᠢᠯᠴᠠᠭᠤᠯᠪᠠ᠃ | ᠥᠷᠭᠡᠨ ᠣᠯᠠᠨ ᠲᠠᠷᠢᠶᠠᠴᠢᠨ ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠰᠢᠷ᠎ᠠ | ᠪᠤᠷᠴᠠᠭ ᠤᠨ ᠰᠢᠨ᠎ᠡ ᠦᠷ᠎ᠡ᠂ ᠰᠢᠨ᠎ᠡ ᠮᠡᠷᠭᠡᠵᠢᠯ ᠪᠠ ᠰᠢᠨ᠎ᠡ ᠵᠠᠭᠪᠤᠷ ᠢ ᠥᠷᠭᠡᠨ ᠢᠶᠠᠷ ᠳᠠᠷᠢᠭᠤᠯᠵᠤ ᠬᠡᠷᠡᠭᠯᠡᠭᠦᠯᠬᠦ ᠶᠢᠨ | ᠲᠥᠯᠥᠭᠡ᠂ ᠡᠨᠡ ᠵᠢᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ ᠴᠢᠪᠠᠭᠠᠲᠤ | ᠰᠤᠮᠤᠨ ᠳᠤ ︽ᠰᠢᠷ᠎ᠠ ᠪᠤᠷᠴᠠᠭ ᠢ ᠶᠡᠭᠡ ᠪᠠᠭ᠎ᠠ ᠵᠢᠷᠤᠬ᠎ᠠ ᠪᠠᠷ ᠨᠢᠭᠲᠠ ᠳᠠᠷᠢᠵᠤ ᠳᠤᠰᠤᠯᠭᠠᠨ ᠤᠰᠤᠯᠠᠬᠤ ᠳᠠᠷᠢᠵᠤ | ᠤᠷᠭᠤᠭᠤᠯᠬᠤ ᠮᠡᠷᠭᠡᠵᠢᠯ︾ ᠢ ᠳᠡᠯᠭᠡᠷᠡᠭᠦᠯᠦᠨ ᠬᠡᠷᠡᠭᠯᠡᠵᠦ᠂ ᠡᠷᠳᠡᠨᠢ ᠰᠢᠰᠢ ᠰᠢᠷ᠎ᠠ ᠪᠤᠷᠴᠠᠭ ᠢ ᠭᠤᠣᠷᠰᠤ ᠰᠣᠯᠢᠨ | ᠡᠭᠡᠯᠵᠢᠯᠡᠨ ᠳᠠᠷᠢᠵᠤ᠂ ᠤᠰᠤ ᠶᠢ ᠠᠷᠪᠢᠯᠠᠵᠤ᠂ ᠭᠠᠵᠠᠷ ᠤᠨ ᠰᠢᠮ᠎ᠡ ᠶᠢ ᠨᠡᠮᠡᠭᠳᠡᠭᠦᠯᠵᠦ᠂ ᠭᠠᠷᠤᠯᠲᠠ ᠶᠢ | ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠤ ᠭᠦᠷᠦᠭᠰᠡᠨ ᠪᠠᠶᠢᠨ᠎ᠠ᠃ | ᠵᠠᠷᠤᠳ ᠬᠤᠰᠢᠭᠤᠨ ᠤ ᠶᠤᠸᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠶᠠᠩ ᠴᠢᠩ | ᠹᠦ᠋ ᠬᠡᠯᠡᠬᠦ ᠳᠡᠭᠡᠨ᠄ ︽ᠪᠢᠳᠡ ᠡᠨᠡ ᠵᠢᠯ ᠰᠢᠷ᠎ᠠ ᠪᠤᠷᠴᠠᠭ ᠢ ᠶᠡᠭᠡ ᠪᠠᠭ᠎ᠠ ᠵᠢᠷᠤᠬ᠎ᠠ ᠪᠠᠷ ᠨᠢᠭᠲᠠ ᠳᠠᠷᠢᠵᠤ ᠳᠤᠰᠤᠯᠭᠠᠨ | ᠤᠰᠤᠯᠠᠬᠤ ᠮᠡᠷᠭᠡᠵᠢᠯ ᠢ ᠬᠡᠷᠡᠭᠯᠡᠨ᠂ 1000 ᠮᠦ ᠰᠢᠷ᠎ᠠ ᠪᠤᠷᠴᠠᠭ ᠢ ᠵᠠᠯᠭᠠᠯᠳᠤᠭᠤᠯᠤᠨ ᠳᠠᠷᠢᠵᠤ᠂ ᠵᠢᠱᠢᠯᠲᠡ ᠪᠠᠷ | ᠰᠢᠷ᠎ᠠ ᠪᠤᠷᠴᠠᠭ ᠤᠨ ᠮᠦ ᠪᠦᠷᠢ 450 ᠵᠢᠩ ᠠᠴᠠ ᠳᠡᠭᠡᠭᠰᠢ ᠣᠨᠠᠵᠤ᠂ ᠮᠦ ᠪᠦᠷᠢ ᠰᠢᠷ᠎ᠠ ᠪᠤᠷᠴᠠᠭ ᠲᠠᠷᠢᠬᠤ ᠨᠢ | ᠡᠷᠳᠡᠨᠢ ᠰᠢᠰᠢ ᠳᠠᠷᠢᠬᠤ ᠲᠠᠢ ᠬᠠᠷᠢᠴᠠᠭᠤᠯᠪᠠᠯ 150 ᠳᠥᠷᠪᠡᠯᠵᠢᠨ ᠮᠧᠲᠷ ᠤᠰᠤ ᠠᠷᠪᠢᠯᠠᠨ᠎ᠠ᠃ ᠡᠭᠡᠯᠵᠢᠯᠡᠨ | ᠳᠠᠷᠢᠬᠤ ᠬᠡᠰᠡᠭ ᠲᠤ᠂ ᠳᠠᠷᠠᠭ᠎ᠠ ᠵᠢᠯ ᠪᠢᠳᠡ ᠰᠢᠷ᠎ᠠ ᠪᠤᠷᠴᠠᠭ ᠤᠨ ᠭᠤᠤᠷᠰᠤ ᠳᠤ ᠡᠷᠳᠡᠨᠢ ᠰᠢᠰᠢ ᠳᠠᠷᠢᠪᠠᠯ᠂ ᠮᠦ | ᠪᠦᠷᠢ ᠶᠢᠨ ᠡᠷᠳᠡᠨᠢ ᠰᠢᠰᠢ ᠶᠢᠨ ᠤᠨᠠᠯᠲᠠ ᠨᠢ ᠪᠠᠰᠠ 200 - 300 ᠵᠢᠩ ᠠᠴᠠ ᠳᠡᠭᠡᠭᠰᠢ ᠨᠡᠮᠡᠭᠳᠡᠬᠦ ᠪᠣᠯᠣᠨ᠎ᠠ︾ | ᠭᠡᠪᠡ᠃ | ᠣᠳᠣᠬᠠᠨ ᠳᠤ᠂ ᠪᠦᠭᠦ ᠬᠤᠰᠢᠭᠤᠨ ᠳᠤ ᠣᠨᠣᠴᠠᠲᠠᠢ ᠤᠰᠤ ᠬᠡᠷᠡᠭᠯᠡᠬᠦ᠂ ᠲᠠᠷᠢᠶᠠᠨ ᠭᠠᠵᠠᠷ ᠤᠨ | ᠬᠠᠮᠢᠶᠠᠷᠤᠯᠲᠠ ᠶᠢᠨ ᠪᠦᠭᠦ ᠶᠠᠪᠤᠴᠠ ᠳᠤ ᠤᠰᠤ ᠠᠷᠪᠢᠯᠠᠬᠤ ᠤᠰᠤᠯᠠᠯᠲᠠ ᠶᠢᠨ ᠵᠠᠭᠪᠤᠷ ᠢ ᠠᠩᠬ᠎ᠠ ᠠᠯᠬᠤᠮ | ᠪᠦᠷᠢᠯᠳᠦᠭᠦᠯᠪᠡ᠃ ᠥᠩᠭᠡᠷᠡᠭᠰᠡᠨ ᠳᠤ ᠡᠳᠦᠷ ᠢᠶᠠᠷ᠂ ᠮᠦ ᠪᠠᠷ ᠤᠰᠣᠯᠠᠬᠤ ᠠᠴᠠ ᠤᠳᠤ ᠪᠣᠯᠬᠤ ᠳᠤ ᠴᠠᠭ ᠢᠶᠠᠷ᠂ | ᠳᠤᠰᠤᠯ ᠢᠶᠠᠷ ᠤᠰᠣᠯᠠᠬᠤ ᠪᠣᠯᠪᠠ᠂ ᠥᠩᠭᠡᠷᠡᠭᠰᠡᠨ ᠳᠤ ᠪᠦᠬᠦ ᠲᠠᠷᠢᠶ᠎ᠠ ᠶᠢ ᠤᠰᠣᠯᠠᠬᠤ ᠪᠠᠶᠢᠭᠰᠠᠨ ᠠᠴᠠ ᠤᠳᠤ | ᠨᠢᠭᠡ ᠨᠢᠭᠡ ᠴᠢᠬᠢ ᠪᠠᠷ ᠤᠰᠣᠯᠠᠬᠤ ᠪᠣᠯᠵᠤ᠂ ᠬᠡᠷᠡᠭᠴᠡᠭᠡ ᠪᠠᠨ ᠦᠵᠡᠵᠦ ᠤᠰᠤ ᠶᠢ ᠲᠣᠭᠲᠠᠭᠠᠬᠤ᠂ ᠬᠡᠷᠡᠭᠴᠡᠭᠡ ᠪᠠᠷ | ᠬᠡᠮᠵᠢᠶ᠎ᠡ ᠶᠢ ᠲᠣᠭᠲᠠᠭᠠᠬᠤ ᠡᠶᠢᠮᠦᠷᠬᠦ ᠵᠠᠭᠪᠤᠷ ᠨᠢ ᠤᠰᠤ ᠬᠠᠩᠭᠠᠬᠤ ᠳᠠᠭᠠᠨ ᠨᠡᠩ ᠴᠠᠭ ᠲᠠᠭᠠᠨ ᠳᠤᠨᠢ᠂ ᠨᠡᠩ | ᠰᠢᠨᠵᠢᠯᠡᠬᠦ ᠤᠬᠠᠭᠠᠨᠴᠢ᠂ ᠨᠡᠩ ᠣᠨᠣᠪᠴᠢᠲᠠᠢ ᠪᠠᠶᠢᠵᠤ᠂ ᠤᠰᠤ ᠠᠷᠪᠢᠯᠠᠬᠤ ᠳᠠᠭᠠᠨ ᠨᠡᠩ ᠥᠨᠳᠥᠷ ᠪᠦᠲᠦᠮᠵᠢᠲᠡᠢ | ᠪᠠᠶᠢᠳᠠᠭ᠃ ᠤᠰᠤ᠂ ᠬᠢᠮᠢ ᠶᠢᠨ ᠪᠣᠷᠳᠣᠭᠤᠷ ᠢ ᠠᠷᠪᠢᠯᠠᠭᠠᠳ ᠭᠠᠷᠤᠯᠲᠠ ᠶᠢᠨ ᠬᠡᠮᠵᠢᠶ᠎ᠡ ᠨᠢ ᠪᠠᠭᠤᠷᠠᠬᠤ ᠦᠭᠡᠢ | ᠮᠥᠷᠲᠡᠭᠡᠨ ᠭᠡᠳᠡᠷᠭᠦ ᠪᠠᠨ ᠨᠡᠮᠡᠭᠳᠡᠵᠦ᠂ ᠮᠠᠯᠴᠢᠨ ᠲᠠᠷᠢᠶᠠᠴᠢᠨ ᠳᠤ ᠣᠯᠭᠤᠭᠰᠠᠨ ᠪᠣᠳᠠᠲᠤ ᠠᠰᠢᠭ ᠨᠢ ᠭᠠᠷ ᠲᠤ | ᠪᠠᠷᠢᠭᠳᠠᠮ᠎ᠠ ᠨᠢᠳᠤᠨ ᠳᠤ ᠦᠵᠡᠭᠳᠡᠮ᠎ᠡ ᠪᠣᠯᠪᠠ᠃ | ︽ᠨᠢᠳᠤᠨᠤᠨ ᠠᠴᠠ ᠨᠠᠰᠢ᠂ ᠪᠥᠬᠦ ᠬᠤᠰᠢᠭᠤ ᠰᠢᠷ᠎ᠠ ᠪᠤᠷᠴᠠᠭ᠂ ᠨᠠᠷᠢᠮᠤ ᠪᠠᠷ ᠭᠤᠣᠯ ᠪᠣᠯᠭᠠᠭᠰᠠᠨ ᠤᠰᠤ ᠪᠠᠭ᠎ᠠ | ᠬᠤᠷᠣᠭᠳᠠᠭᠤᠯᠬᠤ ᠲᠠᠷᠢᠮᠠᠯ 33 ᠲᠦᠮᠡᠨ ᠮᠦ ᠲᠠᠷᠢᠭᠰᠠᠨ ᠤ ᠬᠠᠮᠲᠤ᠂ ᠨᠠᠷᠢᠮᠤ᠂ ᠨᠡᠷᠡᠨ ᠬᠤᠸᠠᠷ ᠢᠶᠠᠷ ᠭᠤᠣᠯ | ᠪᠣᠯᠭᠠᠭᠰᠠᠨ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ | ᠬᠥᠷᠥᠰᠥ ᠰᠢᠷᠣᠢ ᠶᠢ ᠬᠠᠮᠠᠭᠠᠯᠠᠨ ᠤᠰᠤ ᠠᠷᠪᠢᠯᠠᠭᠰᠠᠨ ᠰᠠᠭᠤᠷᠢᠨ ᠳᠡᠭᠡᠷ᠎ᠡ᠂ ᠭᠠᠷᠤᠯᠲᠠ ᠪᠠᠨ ᠨᠡᠮᠡᠭᠳᠡᠭᠦᠯᠵᠦ ᠦᠷ᠎ᠡ | ᠠᠰᠢᠭ ᠢᠶᠠᠨ ᠨᠡᠮᠡᠭᠳᠡᠭᠦᠯᠬᠦ ᠵᠣᠷᠢᠯᠭ᠎ᠠ ᠳᠠᠭᠠᠨ ᠬᠦᠷᠴᠦ᠂ ︿ᠤᠰᠤᠨ ᠤ ᠬᠡᠮᠵᠢᠶ᠎ᠡ ᠪᠠᠷ ᠬᠡᠷᠡᠭᠴᠡᠭᠡ ᠪᠠᠨ ᠲᠣᠭᠲᠠᠭᠠᠵᠤ᠂ | ᠬᠡᠷᠡᠭᠴᠡᠭᠡ ᠪᠠᠷ ᠤᠰᠤ ᠬᠡᠷᠡᠭᠯᠡᠬᠦ﹀ ᠶᠢ ᠠᠯᠬᠤᠮ ᠠᠯᠬᠤᠮ ᠢᠶᠠᠷ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ ᠲᠠᠷᠢᠶᠠᠯᠠᠩ ᠤᠨ ᠤᠰᠤ ᠠᠷᠪᠢᠯᠠᠬᠤ ᠬᠠᠮᠢᠶ᠎ᠠ | ᠪᠦᠬᠦᠢ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢᠶᠠᠷ ᠭᠤᠣᠯ | ᠪᠣᠯᠭᠠᠭᠰᠠᠨ ᠰᠠᠭᠤᠷᠢ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠲᠤᠳᠬᠠᠨ᠂ ᠠᠮᠤ ᠪᠤᠳᠠᠭᠠᠨ ᠤ | ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ | ᠲᠥᠯᠥᠭᠡ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ︾ ᠭᠡᠵᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠢ ᠴᠣᠭᠲᠤᠨᠠᠷᠠᠨ ᠬᠡᠯᠡᠪᠡ᠃ | | | |