ᠵᠠᠷᠤᠳ ᠬᠤᠰᠢᠭᠤ ᠪᠡᠶ᠎ᠡ ᠲᠠᠮᠢᠷ ᠤᠨ ᠴᠡᠴᠡᠷᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2023/9/4
      ᠪᠥᠬᠦ ᠬᠤᠰᠢᠭᠤᠨ ᠤ ᠰᠠᠭᠤᠭᠠᠯᠢ ᠠᠷᠠᠳ ᠤᠨ ᠰᠣᠶᠣᠯ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠬᠠᠩᠭᠠᠬᠤ ᠶᠢᠨ ᠲᠥᠯᠥᠭᠡ᠂ ᠣᠳᠣᠬᠠᠨ ᠳᠤ ᠲᠥᠯᠥᠪᠯᠡᠵᠦ ᠪᠠᠶᠢᠭᠤᠯᠤᠭᠰᠠᠨ ᠬᠤᠰᠢᠭᠤᠨ ᠤ ᠪᠡᠶ᠎ᠡ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠶᠠᠭ ᠶᠠᠭᠠᠷᠠᠯᠲᠠᠢ ᠶᠠᠪᠤᠭᠳᠠᠵᠤ ᠪᠣᠶ᠃ ᠲᠣᠰ ᠲᠥᠷᠥᠯ ᠵᠦᠢᠯ ᠤᠨ ᠶᠡᠷᠦᠩᠬᠡᠢ ᠲᠠᠯᠠᠪᠠᠶ ᠨᠢ 6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠨᠢ 4 ᠲᠦᠮᠡᠨ ᠲᠡᠭᠰᠢ ᠳᠥᠷᠪᠡᠯᠵᠢᠨ ᠮᠧᠲᠷ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠬᠥᠯ ᠪᠥᠮᠪᠦᠭᠡ ᠶᠢᠨ ᠲᠠᠯᠠᠪᠤᠷ᠂ ᠰᠠᠭᠰᠤᠨ ᠪᠥᠮᠪᠦᠭᠡ ᠶᠢᠨ ᠲᠠᠯᠠᠪᠤᠷ᠂ ᠠᠯᠠᠭᠠᠳᠠᠬᠤ ᠪᠥᠮᠪᠦᠭᠡ ᠶᠢᠨ ᠲᠠᠯᠠᠪᠤᠷ᠂ ᠲᠣᠣᠷ ᠪᠥᠮᠪᠦᠭᠡ ᠶᠢᠨ ᠲᠠᠯᠠᠪᠤᠷ᠂ ᠬᠡᠦᠬᠡᠳ ᠤᠨ ᠵᠤᠭ᠎ᠠ ᠴᠡᠩᠭᠡᠯ ᠤᠨ ᠲᠠᠯᠠᠪᠤᠷ᠂ ᠨᠠᠰᠤᠲᠠᠶᠢᠴᠤᠳ ᠤᠨ ᠬᠥᠳᠡᠯᠭᠡᠭᠡᠨ ᠤ ᠲᠠᠯᠠᠪᠤᠷ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠪᠠᠭᠲᠠᠭᠠᠵᠤ᠂ ᠪᠡᠶ᠎ᠡ ᠲᠠᠮᠢᠷ᠂ ᠰᠡᠯᠡᠭᠦᠴᠡᠯ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ᠂ ᠤᠬᠠᠭᠤᠯᠭ᠎ᠠ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠲᠠᠮᠢᠷ ᠤᠨ ᠴᠡᠴᠡᠷᠯᠢᠭ ᠪᠣᠯᠣᠨ᠎ᠠ᠃       
微信图片_20230904111819.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号