| 9 ᠰᠠᠷ᠎ᠠ ᠶᠢᠨ 2 ᠤ ᠡᠳᠦᠷ᠂ ᠲᠠᠷᠢᠬᠢᠨ ᠤ ᠲᠠᠨᠢᠨ ᠮᠡᠳᠡᠬᠦᠢ ᠬᠢᠭᠡᠳ ᠮᠡᠳᠡᠷᠡᠯ ᠤᠨ ᠲᠣᠬᠢᠷᠠᠭᠤᠯᠤᠯ ᠡᠵᠡᠮᠳᠡᠯ ᠢ | ᠠᠭᠤᠰᠤᠯᠴᠠᠭᠤᠯᠤᠨ ᠰᠢᠨ᠎ᠡ ᠶᠢ ᠡᠭᠦᠳᠬᠦ ᠰᠤᠳᠤᠯᠤᠨ ᠶᠠᠷᠢᠯᠴᠠᠬᠤ ᠬᠤᠷᠠᠯ ᠵᠠᠷᠤᠳ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ ᠳᠤ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠣᠣ ᠼᠠᠢ | ᠶᠠᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠨᠡᠯᠭᠡ ᠶᠢᠨ ᠬᠠᠮᠢᠶᠠᠷᠤᠯᠲᠠ ᠶᠢᠨ | ᠲᠥᠪ ᠤᠨ ᠳᠡᠳ᠋ ᠰᠤᠳᠤᠯᠤᠭᠴᠢ ᠯᠢᠨ ᠰᠢᠶᠠ᠂ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ | ᠨᠢᠭᠡᠳᠦᠭᠡᠷ ᠠᠨᠠᠭᠠᠬᠤ ᠤᠬᠠᠭᠠᠨ ᠤ ᠲᠥᠪ ᠤᠨ ᠮᠡᠳᠡᠷᠡᠯ ᠤᠨ ᠭᠠᠳᠠᠷ ᠰᠠᠯᠠᠭᠠᠨ ᠤ ᠡᠷᠬᠢᠯᠡᠭᠴᠢ ᠡᠮᠴᠢ᠂ ᠫᠷᠤᠹᠧᠰᠰᠤᠷ | ᠮᠣᠣ ᡁᠢ ᠴᠢ ᠵᠡᠷᠭᠡ 5 ᠲᠤᠰᠬᠠᠢ ᠮᠡᠷᠭᠡᠵᠢᠯᠲᠡᠨ ᠫᠷᠤᠹᠧᠰᠰᠤᠷ ᠵᠢᠴᠢ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ ᠶᠢᠨ 300 ᠭᠠᠷᠤᠢ ᠡᠮᠴᠢ ᠰᠤᠪᠢᠯᠠᠭᠴᠢᠳ ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠤ | ᠣᠷᠣᠯᠴᠠᠪᠠ᠃ | | | ᠬᠤᠷᠠᠯ ᠳᠡᠭᠡᠷ᠎ᠡ᠂ ᠪᠦᠦ ᠸᠧᠨ ᠯᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ | ᠡᠯ᠎ᠡ ᠤᠳᠤᠷᠢᠳᠤᠯᠭ᠎ᠠ᠂ ᠫᠷᠤᠹᠥᠰᠰᠤᠷ᠂ ᠲᠤᠰᠬᠠᠢ ᠮᠡᠷᠭᠡᠵᠢᠯᠲᠡᠳ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ | ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ᠂ ᠵᠠᠷᠤᠳ | ᠬᠤᠰᠢᠭᠤᠨ ᠤ ᠬᠢᠨ ︽ᠶᠡᠭᠡ ᠲᠠᠢ ᠬᠤᠯᠪᠣᠭᠠᠯᠠᠨ ᠬᠦᠴᠦᠷᠬᠡᠭ ᠢ ᠲᠦᠰᠢᠭᠯᠡᠬᠦ︾ ᠬᠥᠭᠵᠢᠯᠲᠡ ᠶᠢᠨ ᠵᠠᠮ ᠢᠶᠠᠷ | ᠵᠠᠮᠨᠠᠬᠤ ᠶᠢ ᠢᠳᠡᠪᠬᠢᠲᠡᠢ ᠪᠠᠷ ᠰᠦᠪᠡᠭᠴᠢᠯᠡᠨ ᠦᠢᠯᠡᠳᠦᠯᠭᠡᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠥᠷᠭᠡᠨ ᠣᠯᠠᠨ ᠠᠷᠠᠳ ᠲᠦᠮᠡᠨ ᠤ | ᠡᠪᠡᠳᠴᠢᠨ ᠦᠵᠡᠭᠦᠯᠬᠦ ᠳᠤ ᠦᠨᠡᠲᠡᠢ᠂ ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠬᠤ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠬᠦ ᠪᠠᠷ ᠴᠢᠷᠮᠠᠶᠢᠪᠠ᠃ ᠲᠣᠰ ᠤᠳᠠᠭᠠᠨ ᠤ ᠲᠠᠷᠢᠬᠢᠨ ᠤ ᠲᠠᠨᠢᠨ ᠮᠡᠳᠡᠷᠡᠬᠦᠢ ᠪᠠ | ᠮᠡᠳᠡᠷᠡᠯ ᠤᠨ ᠲᠣᠬᠢᠷᠠᠭᠤᠯᠤᠯ ᠡᠵᠡᠮᠳᠡᠯ ᠢ ᠠᠭᠤᠰᠤᠯᠴᠠᠭᠤᠯᠤᠨ ᠰᠢᠨ᠎ᠡ ᠶᠢ ᠡᠭᠦᠳᠴᠦ ᠰᠤᠳᠤᠯᠤᠨ ᠶᠠᠷᠢᠯᠴᠠᠬᠤ᠂ | ᠪᠣᠯᠪᠠᠰᠤᠷᠠᠭᠤᠯᠬᠤ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠣᠯ ᠡᠮᠴᠢ ᠶᠢᠨ ᠡᠨᠡᠷᠢᠩᠭᠦᠢ ᠰᠡᠳᠬᠢᠯ ᠢ | ᠦᠢᠯᠡᠳᠦᠯᠭᠡᠵᠢᠭᠦᠯᠦᠭᠰᠡᠨ ᠶᠡᠭᠡ ᠬᠠᠶᠢᠷ᠎ᠠ ᠶᠢᠨ ᠠᠵᠢᠯᠯᠠᠭ᠎ᠠ ᠮᠥᠨ᠂ ᠡᠨᠡ ᠨᠢ ᠯᠠᠪᠲᠠᠶ᠎ᠠ ᠪᠥᠬᠦ ᠬᠤᠰᠢᠭᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠨ ᠠᠬᠢᠭᠤᠯᠬᠤ ᠪᠣᠯᠣᠨ᠎ᠠ᠃ ᠮᠠᠨ ᠤ ᠡᠮᠴᠢ | ᠰᠤᠪᠢᠯᠠᠭᠴᠢᠳ ᠣᠯᠳᠠᠬᠤᠶ᠎ᠠ ᠪᠡᠷᠬᠡ ᠰᠤᠷᠤᠯᠴᠠᠵᠤ ᠰᠣᠯᠢᠯᠴᠠᠬᠤ ᠲᠣᠬᠢᠶᠠᠯ ᠢ ᠨᠠᠨᠳᠢᠩᠨᠠᠵᠤ᠂ ᠡᠮᠴᠢᠯᠡᠭᠡᠨ ᠤ | ᠦᠢᠯᠡᠳᠦᠯᠭᠡ ᠶᠢᠨ ᠳᠤᠮᠳᠠ ᠪᠣᠳᠠᠲᠠᠢ ᠣᠷᠣᠰᠢᠵᠤ ᠪᠠᠶᠢᠭ᠎ᠠ ᠬᠦᠴᠢᠷ ᠲᠦᠪᠡᠭ ᠲᠠᠢ ᠠᠰᠠᠭᠤᠳᠠᠯ ᠢᠶᠠᠨ ᠡᠯ᠎ᠡ | ᠲᠤᠰᠬᠠᠢ ᠮᠡᠷᠭᠡᠵᠢᠯᠲᠡᠨ ᠡᠷᠳᠡᠮᠲᠡᠨ ᠠᠴᠠ ᠳᠠᠷᠤᠤ ᠬᠢᠴᠢᠶᠡᠩᠭᠦᠢ ᠪᠠᠷ ᠰᠤᠷᠴᠤ᠂ ᠲᠦᠷᠦᠭᠦᠴᠢ ᠡᠮᠨᠡᠯᠭᠡ ᠶᠢᠨ | ᠪᠠᠶᠢᠳᠠᠯ ᠢ ᠨᠡᠩ ᠢᠯᠡᠭᠦᠦ ᠣᠶᠢᠯᠠᠭᠠᠵᠤ᠂ ᠣᠨᠣᠰᠢᠯᠠᠨ ᠡᠮᠨᠡᠬᠦ ᠣᠶᠢᠯᠠᠭᠠᠭᠳᠠᠬᠤᠨ ᠢᠶᠠᠨ ᠰᠢᠨᠡᠳᠬᠡᠬᠦ ᠬᠡᠷᠡᠭᠲᠡᠢ᠃ | ᠪᠠᠰᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠨᠡᠯᠭᠡ ᠶᠢᠨ ᠬᠠᠮᠢᠶᠠᠷᠤᠯᠲᠠ ᠶᠢᠨ | ᠲᠥᠪ ᠤᠨ ᠬᠦᠴᠦᠲᠡᠢ ᠳᠡᠮᠵᠢᠯᠭᠡ ᠪᠠ ᠵᠢᠯᠣᠭᠤᠳᠤᠯᠭ᠎ᠠ ᠳᠣᠣᠷ᠎ᠠ᠂ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ | ᠬᠤᠷᠢᠶᠠᠨ ᠤ ᠴᠢᠳᠠᠪᠤᠷᠢᠲᠠᠨ᠂ ᠮᠡᠷᠭᠡᠵᠢᠯ᠂ ᠬᠠᠮᠢᠶᠠᠷᠤᠯᠲᠠ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ | ᠰᠤᠳᠤᠯᠭᠠᠨ ᠵᠡᠷᠭᠡ ᠲᠠᠯ᠎ᠠ ᠶᠢᠨ ᠬᠦᠴᠦᠷᠬᠡᠭ ᠶᠡᠭᠡ ᠬᠦᠴᠦᠨ ᠪᠠ ᠨᠡᠷᠡᠲᠦ ᠲᠡᠮᠳᠡᠭ ᠤᠨ ᠳᠠᠪᠠᠭᠤᠯᠢᠭ ᠲᠤ ᠲᠦᠰᠢᠭᠯᠡᠨ | ᠂ ᠡᠮᠴᠢᠯᠡᠭᠡᠨ ᠤ ᠮᠡᠷᠭᠡᠵᠢᠯ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ | ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ | ᠡᠮᠴᠢᠯᠡᠭᠡᠨ ᠤ ᠬᠤᠯᠪᠣᠭᠠᠲᠤ ᠴᠣᠭᠴᠠ ᠪᠠᠶᠢᠭᠤᠯᠬᠤ ᠶᠢ ᠢᠳᠡᠪᠬᠢᠲᠡᠢ ᠰᠦᠪᠡᠭᠴᠢᠯᠡᠵᠦ᠂ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠬᠦ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠠᠯᠤᠰ ᠠᠴᠠ ᠣᠨᠣᠰᠢᠯᠠᠨ ᠡᠮᠨᠡᠬᠦ ᠶᠢ ᠬᠡᠷᠡᠭᠯᠡᠨ᠂ | ᠪᠥᠬᠦ ᠬᠤᠰᠢᠭᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠤ ᠳᠠᠬᠢᠨ ᠨᠢᠭᠡ ᠰᠢᠨ᠎ᠡ ᠳᠡᠭᠲᠡᠷ ᠲᠤ | ᠭᠠᠷᠬᠤ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ︽ᠪᠠᠴᠢᠮ᠂ ᠬᠦᠴᠢᠷ᠂ | ᠵᠣᠪᠠᠨᠢᠯ᠂ ᠡᠷᠡᠮᠡᠯᠵᠡᠯ︾ ᠤᠨ ᠠᠰᠠᠭᠤᠳᠠᠯ ᠢ ᠨᠠᠩ ᠰᠠᠶᠢᠨ ᠰᠢᠢᠳᠪᠦᠷᠢᠯᠡᠵᠦ᠂ ᠠᠷᠠᠳ ᠣᠯᠠᠨ ᠳᠤ ᠨᠠᠩ ᠣᠯᠠᠨ | ᠬᠠᠮᠤᠭ ᠤᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠬᠦ ᠬᠡᠷᠡᠭᠲᠡᠢ ᠭᠡᠪᠡ᠃ | | | ᠯᠢᠨ ᠰᠢᠶᠠ᠂ ᠮᠣᠣ ᡁᠢ ᠴᠢ ᠵᠡᠷᠭᠡ 5 ᠲᠤᠰᠬᠠᠢ ᠮᠡᠷᠭᠡᠵᠢᠯᠲᠡᠨ ᠲᠣᠰ ᠲᠣᠰ ᠠᠵᠢᠯᠯᠠᠭ᠎ᠠ ᠶᠢᠨ ᠴᠢᠨᠠᠷᠲᠠᠢ | ᠮᠡᠳᠡᠷᠡᠯ ᠤᠨ ᠰᠢᠰᠲ᠋ᠧᠮ ᠤᠨ ᠡᠪᠡᠳᠴᠢᠨ ᠤ ᠭᠠᠳᠠᠷ ᠰᠠᠯᠠᠭᠠᠨ ᠤ ᠡᠮᠴᠢᠯᠡᠭᠡ᠂ ᠫᠠᠷᠺᠢᠨᠰᠤᠨ ᠡᠪᠡᠳᠴᠢᠨ ᠤ | ᠳᠠᠪᠬᠤᠴᠠᠭᠰᠠᠨ ᠨᠡᠶᠢᠯᠡᠭ ᠭᠡᠮ ᠤᠨ ᠣᠨᠣᠰᠢᠯᠠᠯ ᠡᠮᠴᠢᠯᠡᠭᠡ᠂ ᠴᠠᠶᠢᠪᠤᠷ ᠴᠠᠭᠠᠨ ᠪᠥᠮᠪᠦᠭᠡ ᠶᠢᠨ ᠳᠣᠲᠣᠷ ᠬᠡᠰᠡᠭ ᠪᠠ | ᠲᠣᠪᠤ ᠲᠠᠷᠢᠬᠢᠨ ᠤ ᠢᠷᠤᠭᠠᠷ ᠴᠥᠮ᠎ᠡ ᠲᠠᠷᠢᠬᠢᠨ ᠤ ᠭᠦᠨ ᠬᠡᠰᠡᠭ ᠤᠨ ᠴᠠᠬᠢᠯᠭᠠᠨ ᠰᠡᠳᠦᠯᠲᠡ ᠶᠢᠨ ᠠᠷᠭ᠎ᠠ ᠪᠠᠷ | ᠬᠦᠵᠦᠭᠦᠨ ᠬᠡᠰᠡᠭ ᠤᠨ ᠪᠤᠯᠴᠢᠩ ᠤᠨ ᠲᠡᠯᠡᠯᠲᠡ ᠶᠢᠨ ᠬᠦᠴᠦᠨ ᠤ ᠰᠠᠭᠠᠲᠠᠯ ᠢ ᠵᠠᠰᠠᠬᠤ ᠵᠡᠷᠭᠡ ᠲᠠᠯ᠎ᠠ ᠪᠠᠷ ᠬᠢᠴᠢᠶᠡᠯ | ᠣᠷᠣᠪᠠ᠃ | ᠬᠤᠷᠠᠯ ᠳᠤ ᠣᠷᠣᠯᠴᠠᠭᠰᠠᠳ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠠᠳ ᠡᠯᠪᠡᠭ | ᠪᠠᠶᠠᠯᠢᠭ ᠣᠯᠣᠯᠲᠠ ᠲᠠᠢ ᠪᠠᠶᠢᠨ᠎ᠠ᠃ ᠰᠣᠷᠣᠭᠰᠠᠨ ᠮᠡᠳᠡᠯᠭᠡ ᠪᠠᠨ ᠪᠣᠳᠠᠲᠤ ᠠᠵᠢᠯ ᠲᠠᠢ ᠪᠠᠨ ᠤᠶᠠᠯᠳᠤᠭᠤᠯᠵᠤ᠂ | ᠠᠵᠢᠯ ᠤᠨ ᠰᠡᠳᠬᠢᠴᠡ ᠪᠠᠨ ᠰᠢᠯᠢᠳᠡᠭᠵᠢᠭᠦᠯᠦᠨ᠂ ᠠᠵᠢᠯᠯᠠᠬᠤ ᠠᠷᠭ᠎ᠠ ᠪᠠᠨ ᠰᠠᠶᠢᠵᠢᠷᠠᠭᠤᠯᠵᠤ᠂ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠂ ᠰᠣᠷᠣᠭᠰᠠᠨ ᠢᠶᠠᠨ ᠬᠡᠷᠡᠭᠯᠡᠬᠦ᠂ ᠬᠡᠷᠡᠭᠯᠡᠬᠦ ᠪᠠᠷ ᠰᠤᠷᠬᠤ ᠶᠢ ᠠᠬᠢᠭᠤᠯᠬᠤ᠂ | ᠰᠤᠷᠴᠤ ᠬᠡᠷᠡᠭᠯᠡᠬᠦ ᠶᠢ ᠬᠠᠷᠢᠯᠴᠠᠨ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ | ᠳᠠᠷᠠᠭ᠎ᠠ ᠨᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠲᠤᠬᠠᠢ ᠶᠢᠨ | ᠲᠠᠯᠠᠪᠤᠷ ᠲᠤ ᠲᠤᠰᠬᠠᠢ ᠮᠡᠷᠭᠡᠵᠢᠯᠲᠡᠳ ᠠᠴᠠ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠤ ᠮᠠᠳᠠᠭ ᠲᠠᠢ | ᠠᠰᠠᠭᠤᠳᠠᠯ ᠢ ᠰᠦᠢᠳᠬᠡᠯ ᠬᠤᠷᠢᠶᠠᠬᠤ ᠦᠭᠡᠢ ᠪᠠᠷ ᠬᠠᠷᠢᠭᠤᠯᠬᠤ ᠶᠢᠨ ᠬᠠᠮᠲᠤ ᠡᠪᠡᠳᠴᠢᠲᠡᠨ ᠤ ᠨᠠᠰᠤ ᠵᠢᠯ᠂ | ᠪᠡᠶ᠎ᠡ ᠶᠢᠨ ᠪᠠᠶᠢᠳᠠᠯ ᠵᠢᠴᠢ ᠠᠳᠠᠯᠢ ᠪᠤᠰᠤ ᠡᠪᠡᠳᠴᠢᠨ ᠤ ᠲᠥᠷᠥᠯ ᠵᠦᠢᠯ ᠲᠠᠢ ᠤᠶᠠᠯᠳᠤᠭᠤᠯᠤᠨ᠂ ᠡᠪᠡᠳᠴᠢᠲᠡᠨ | ᠨᠢᠭᠡᠪᠦᠷᠢ ᠳᠤ ᠬᠤᠪᠢ ᠬᠥᠮᠥᠨ ᠤ ᠡᠮᠴᠢᠯᠡᠭᠡᠨ ᠤ ᠰᠠᠨᠠᠯ ᠥᠭᠭᠦᠭᠰᠡᠨ ᠪᠠᠶᠢᠨ᠎ᠠ᠃ | | | |