| ᠣᠶᠢᠷ᠎ᠠ ᠳᠤ᠂ ᠵᠠᠷᠤᠳ ᠬᠤᠰᠢᠭᠤᠨ ᠤ ᠭᠤᠣᠯᠳᠠᠯᠭ᠎ᠠ ᠲᠠᠢ ᠭᠠᠯ ᠰᠡᠷᠭᠡᠶᠢᠯᠡᠬᠦ ᠤᠯᠤᠰ ᠤᠨ ᠥᠮᠴᠢᠯᠡᠯᠲᠦ ᠣᠶ | ᠰᠢᠭᠤᠢ ᠶᠢᠨ ᠲᠠᠯᠠᠪᠠᠶ ᠶᠢᠨ ᠣᠶ ᠰᠢᠭᠤᠢ ᠶᠢᠨ ᠭᠠᠯ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠡᠨᠡ ᠪᠣᠯ ᠵᠠᠷᠤᠳ | ᠬᠤᠰᠢᠭᠤᠨ ᠤ ᠬᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ | ᠱᠠᠭᠠᠷᠳᠠᠯᠭ᠎ᠠ ᠳᠤ ᠵᠣᠬᠢᠴᠠᠵᠤ᠂ ᠣᠷᠣᠨ ᠪᠦᠰᠡ ᠶᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠴᠢᠳᠠᠪᠤᠷᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ | ᠲᠣᠭᠠᠴᠢᠯᠠᠭᠰᠠᠨ ᠥᠭᠡᠷᠡᠴᠢᠯᠡᠯᠲᠡ ᠶᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠬᠦᠷᠢᠶ᠎ᠡ ᠴᠠᠷ᠎ᠠ ᠳᠠᠬᠢ ᠪᠣᠳᠠᠲᠠᠢ | ᠬᠡᠷᠡᠭᠯᠡᠯᠲᠡ ᠶᠢ ᠢᠳᠡᠪᠬᠢᠲᠡᠢ ᠰᠦᠪᠡᠭᠴᠢᠯᠡᠵᠦ ᠪᠠᠶᠢᠭ᠎ᠠ ᠶᠠᠪᠤᠳᠠᠯ ᠪᠣᠯᠣᠨ᠎ᠠ᠃ | | |  ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠪᠣᠯ ᠬᠢᠨᠠᠨ ᠡᠵᠡᠮᠳᠡᠵᠦ | ᠤᠷᠢᠳᠴᠢᠯᠠᠨ ᠰᠡᠷᠡᠮᠵᠢᠯᠡᠭᠦᠯᠬᠦ᠂ ᠵᠢᠯᠣᠭᠤᠳᠤᠨ ᠲᠣᠬᠢᠷᠠᠭᠤᠯᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ᠂ ᠣᠶ ᠰᠢᠭᠤᠢ ᠶᠢ ᠴᠠᠭᠳᠠᠨ ᠬᠠᠮᠠᠭᠠᠯᠠᠬᠤ᠂ ᠭᠠᠯ ᠭᠠᠷᠤᠭᠰᠠᠨ ᠭᠠᠵᠠᠷ ᠢ ᠤᠷᠢᠳᠴᠢᠯᠠᠨ ᠵᠢᠱᠢᠬᠦ | ᠴᠢᠳᠠᠮᠵᠢ ᠶᠢ ᠨᠢᠭᠡ ᠴᠣᠭᠴᠠᠵᠢᠭᠤᠯᠤᠭᠰᠠᠨ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠣᠨ᠎ᠠ᠂ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠨᠢ ︽ᠦᠨᠳᠦᠷ ᠪᠠᠶᠢᠷᠢ ᠠᠴᠠ ᠬᠢᠨᠠᠨ ᠡᠵᠡᠮᠳᠡᠬᠦ + ᠵᠢᠯᠤᠭᠤᠳᠬᠤ | ᠲᠥᠪ + ᠬᠠᠮᠢᠶᠠᠷᠤᠯᠲᠠ ᠶᠢᠨ ᠲᠠᠪᠴᠠᠩ︾ ᠢᠶᠠᠷ ᠭᠤᠣᠯ ᠪᠣᠯᠭᠠᠵᠤ᠂ ᠬᠠᠨ ᠠᠭᠤᠯᠠ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 3 ᠰᠠᠭᠤᠷᠢ ᠲᠡᠮᠦᠷ ᠰᠤᠪᠤᠷᠭ᠎ᠠ ᠳᠡᠭᠡᠷ᠎ᠡ ᠲᠣᠰ ᠲᠣᠰ 10 ︱ | 16KM ᠬᠤᠣᠰ ᠬᠠᠷᠠᠭᠠᠲᠤ ᠢᠯᠴᠢᠲᠦ ᠳᠦᠷᠰᠦ ᠰᠢᠩᠭᠡᠬᠦ ᠮᠠᠰᠢᠨ ᠢ ᠡᠯᠭᠦᠵᠦ᠂ ᠣᠶ ᠰᠢᠭᠤᠢ ᠨᠣᠲᠤᠭ | ᠪᠡᠯᠴᠢᠭᠡᠷ ᠤᠨ ᠲᠣᠪᠴᠢᠶ᠎ᠠ ᠳᠤ ᠵᠢᠯᠤᠭᠤᠳᠬᠤ ᠲᠥᠪ ᠪᠠ ᠬᠠᠮᠢᠶᠠᠷᠤᠯᠲᠠ ᠶᠢᠨ ᠲᠠᠪᠴᠠᠩ ᠢ ᠲᠣᠬᠢᠷᠠᠭᠤᠯᠵᠤ᠂ | ᠲᠥᠷᠥᠯ ᠵᠦᠢᠯ ᠤᠨ ᠭᠤᠣᠯᠯᠠᠬᠤ ᠰᠢᠰᠲ᠋ᠧᠮ ᠢ ᠪᠠᠶᠢᠭᠤᠯᠪᠠ︔ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠨᠢ | ︽ᠭᠠᠳᠠᠷ ᠬᠠᠯᠬᠠᠪᠴᠢ ᠶᠢᠨ ᠬᠢᠨᠠᠨ ᠡᠵᠡᠮᠰᠢᠯ + ᠭᠤᠣᠯᠳᠠᠯᠭ᠎ᠠ ᠲᠠᠢ ᠪᠣᠭᠤᠮᠲᠠ ᠶᠢᠨ ᠬᠢᠨᠠᠨ ᠡᠵᠡᠮᠰᠢᠯ︾ ᠢᠶᠠᠷ | ᠭᠤᠣᠯ ᠪᠣᠯᠭᠠᠵᠤ᠂ ᠬᠠᠨ ᠠᠭᠤᠯᠠᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠲᠤᠷᠰᠢᠯᠲᠠ ᠶᠢᠨ ᠣᠷᠣᠨ ᠤ ᠭᠠᠳᠠᠭᠤᠷ 14 ᠰᠠᠭᠤᠷᠢ ᠱᠣᠩ ᠰᠤᠪᠤᠷᠭ᠎ᠠ ᠶᠢ ᠰᠢᠨ᠎ᠡ ᠪᠠᠷ ᠪᠠᠶᠢᠭᠤᠯᠵᠤ᠂ 3KM | ᠬᠤᠣᠰ ᠬᠠᠷᠠᠭᠠᠲᠤ ᠢᠯᠴᠢᠲᠦ ᠳᠦᠷᠰᠦ ᠰᠢᠩᠭᠡᠬᠦ ᠰᠡᠭᠦᠳᠡᠷᠯᠡᠬᠦ ᠮᠠᠰᠢᠨ ᠢ ᠨᠡᠮᠡᠨ ᠡᠯᠭᠦᠨ᠎ᠡ᠂ 10 ᠭᠤᠣᠯᠳᠠᠯᠭ᠎ᠠ ᠲᠠᠢ | ᠬᠠᠮᠢᠶᠠᠷᠤᠯᠲᠠ ᠶᠢᠨ ᠦᠷᠳᠡᠭᠡ ᠳᠤ ᠱᠣᠩ ᠰᠤᠪᠤᠷᠭ᠎ᠠ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ | 1KM ᠭᠡᠷᠡᠯ ᠤᠨ ᠰᠡᠭᠦᠳᠡᠷᠯᠡᠬᠦ ᠮᠠᠰᠢᠨ ᠢ ᠨᠡᠮᠡᠨ ᠡᠯᠭᠦᠵᠦ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠯᠦᠭᠡ | ︽ᠥᠨᠳᠥᠷ ᠳᠣᠣᠷ᠎ᠠ ᠬᠢᠨᠠᠨ ᠡᠵᠡᠮᠳᠡᠬᠦ ᠴᠡᠭ ᠪᠠᠶᠢᠷᠢ ᠶᠢ ᠤᠶᠠᠯᠳᠤᠭᠤᠯᠬᠤ︾ ᠠᠷᠭ᠎ᠠ ᠬᠡᠯᠪᠡᠷᠢ ᠶᠢ ᠪᠦᠷᠢᠯᠳᠦᠭᠦᠯᠵᠦ᠂ | ᠭᠤᠣᠯᠳᠠᠯᠭ᠎ᠠ ᠲᠠᠢ ᠭᠠᠯ ᠰᠡᠷᠭᠡᠶᠢᠯᠡᠬᠦ ᠤᠢ ᠰᠢᠭᠤᠢ ᠶᠢᠨ ᠳᠠᠯᠠᠪᠠᠢ ᠶᠢ 24 ᠴᠠᠭ ᠥᠨᠴᠥᠭ ᠪᠤᠯᠤᠩ ᠦᠭᠡᠢ ᠬᠢᠨᠠᠨ | ᠡᠵᠡᠮᠳᠡᠬᠦ ᠶᠢ ᠪᠡᠶᠡᠯᠡᠭᠦᠯᠵᠦ᠂ ᠤᠢ ᠰᠢᠭᠤᠢ ᠶᠢᠨ ᠲᠦᠢᠮᠡᠷ ᠢ ᠬᠢᠨᠠᠨ ᠬᠡᠮᠵᠢᠭᠰᠡᠨ ᠪᠦᠷᠬᠦᠴᠡ 95% ᠠᠴᠠ | ᠳᠡᠭᠡᠭᠰᠢ ᠳᠤ ᠬᠦᠷᠭᠡᠪᠡ᠃ | | | ᠡᠭᠦᠨ ᠤ ᠬᠠᠮᠲᠤ᠂ ᠲᠤᠰ ᠲᠠᠪᠴᠠᠩ ᠨᠢ ᠭᠤᠣᠯᠳᠠᠯᠭ᠎ᠠ ᠲᠠᠢ ᠣᠶ ᠰᠢᠭᠤᠢ ᠶᠢᠨ ᠪᠠᠶᠢᠳᠠᠯ ᠢ ᠰᠡᠷᠡᠮᠵᠢᠯᠡᠭᠦᠯᠬᠦ ᠳᠤ | ᠬᠠᠪᠰᠤᠷᠤᠮᠵᠢ ᠪᠣᠯᠵᠤ᠂ ᠭᠠᠯ ᠲᠦᠢᠮᠡᠷ ᠤᠨ ᠮᠡᠳᠡᠭᠡ ᠶᠢ ᠠᠶᠠᠨᠳᠠᠭᠠᠨ ᠰᠡᠷᠡᠵᠦ ᠮᠡᠳᠡᠬᠦ᠂ ᠵᠢᠯᠤᠭᠤᠳᠬᠤ | ᠲᠠᠪᠴᠠᠩ ᠢᠶᠠᠷ ᠮᠠᠭᠠᠳᠯᠠᠨ ᠨᠤᠲᠠᠯᠠᠭᠰᠠᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠮᠡᠳᠡᠭᠡ ᠵᠠᠩᠭᠢ ᠶᠢ ᠭᠤᠣᠯᠳᠠᠯᠭ᠎ᠠ | ᠲᠠᠢ ᠭᠠᠯ ᠰᠡᠷᠭᠡᠶᠢᠯᠡᠬᠦ ᠣᠶ ᠰᠢᠭᠤᠢ ᠶᠢᠨ ᠲᠠᠯᠠᠪᠠᠶ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠬᠦᠷᠭᠡᠨ ᠥᠭᠴᠦ᠂ | ᠳᠠᠮᠵᠢᠭᠤᠯᠤᠭᠰᠠᠨ ᠬᠠᠯᠠᠭᠤᠨ ᠤ ᠰᠡᠷᠡᠯ ᠤᠨ ᠵᠢᠷᠤᠭ ᠳᠦᠷᠰᠦ᠂ ᠳᠦᠷᠰᠦ ᠰᠢᠩᠭᠡᠭᠡᠯᠲᠡ᠂ ᠵᠢᠷᠤᠭ ᠢᠶᠠᠷ | ᠳᠠᠮᠵᠢᠭᠤᠯᠤᠨ ᠭᠠᠵᠠᠷ ᠤᠨ ᠭᠠᠳᠠᠷᠭᠤ ᠶᠢᠨ ᠲᠤᠬᠠᠢ ᠶᠢᠨ ᠴᠠᠭ ᠤᠨ ᠪᠠᠶᠢᠳᠠᠯ ᠢ ᠡᠵᠡᠮᠰᠢᠵᠦ᠂ ᠴᠠᠭ ᠲᠤᠬᠠᠢ ᠳᠤᠨᠢ | ᠲᠤᠰᠬᠠᠵᠤ ᠰᠤᠳᠤᠯᠤᠨ ᠮᠠᠭᠠᠳᠯᠠᠵᠤ᠂ ᠦᠳᠲᠡᠷ ᠲᠦᠷᠭᠡᠨ ᠳᠠᠭᠠᠷᠢᠯᠲᠠ ᠶᠠᠪᠤᠭᠤᠯᠵᠤ᠂ ᠡᠷᠡᠰ ᠰᠢᠭᠤᠷᠬᠠᠢ ᠪᠠᠷ | ᠰᠢᠢᠳᠪᠦᠷᠢᠯᠡᠨ᠂ ᠭᠠᠯ ᠲᠦᠢᠮᠡᠷ ᠤᠨ ᠠᠶᠤᠯ ᠢ ᠴᠤᠬᠤᠶᠢᠵᠤ ᠪᠠᠶᠢᠭ᠎ᠠ ᠦᠶ᠎ᠡ ᠳᠤᠨᠢ ᠬᠤᠷᠢᠭᠯᠠᠨ ᠵᠣᠭᠰᠣᠭᠠᠨ᠎ᠠ᠂ | ᠤᠯᠠᠮᠵᠢᠯᠠᠯᠲᠤ ᠬᠢᠨᠠᠨ ᠬᠡᠮᠵᠢᠬᠦ ᠠᠷᠭ᠎ᠠ ᠪᠠᠷᠢᠯ ᠴᠠᠭ ᠲᠤᠬᠠᠢ ᠳᠤᠨᠢ ᠳᠠᠮᠵᠢᠭᠤᠯᠤᠭᠰᠠᠨ ᠦᠭᠡᠢ᠂ ᠮᠡᠳᠡᠭᠡ ᠵᠠᠩᠭᠢ | ᠲᠡᠭᠰᠢ ᠬᠡᠮ ᠦᠭᠡᠢ ᠵᠡᠷᠭᠡ ᠭᠤᠣᠯ ᠠᠰᠠᠭᠤᠳᠠᠯ ᠢ ᠰᠢᠢᠳᠪᠦᠷᠢᠯᠡᠵᠦ᠂ ᠬᠡᠷᠡᠭ ᠢ ᠰᠡᠷᠡᠮᠵᠢᠯᠡᠭᠦᠯᠬᠦ ᠠᠴᠠ ᠬᠡᠷᠡᠭ | ᠶᠠᠪᠤᠳᠠᠯ ᠢ ᠰᠢᠢᠳᠪᠦᠷᠢᠯᠡᠵᠦ ᠳᠠᠭᠤᠰᠬᠤ ᠬᠦᠷᠲᠡᠯᠡᠬᠢ ᠪᠢᠲᠡᠭᠦᠦ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠵᠦ᠂ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠠᠯ ᠲᠦᠢᠮᠡᠷ ᠢ | ᠣᠨᠲᠠᠷᠠᠭᠠᠬᠤ ᠳᠤ ᠴᠠᠭ ᠵᠠᠪᠰᠢᠶᠠᠨ ᠣᠯᠣᠭᠤᠭᠰᠠᠨ ᠪᠠᠶᠢᠨ᠎ᠠ᠃ | ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠵᠢᠩᠬᠢᠨᠢ ᠪᠠᠷ | ᠲᠤᠷᠰᠢᠨ ᠬᠡᠷᠡᠭᠵᠢᠭᠦᠯᠦᠭᠰᠡᠨ ᠨᠢ᠂ ᠪᠥᠬᠦ ᠬᠤᠰᠢᠭᠤᠨ ᠤ ᠡᠯ᠎ᠡ ᠤᠯᠤᠰ ᠤᠨ ᠦᠮᠴᠢᠯᠡᠯᠲᠦ ᠣᠶ ᠰᠢᠭᠤᠢ ᠶᠢᠨ | ᠲᠠᠯᠠᠪᠠᠶ ᠶᠢᠨ ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ︽ᠨᠢᠭᠡ ᠲᠣᠣᠷ᠂ ᠨᠢᠭᠡ ᠲᠠᠪᠴᠠᠩ︾ ᠢ ᠪᠥᠬᠦ ᠲᠠᠯ᠎ᠠ ᠪᠠᠷ | ᠪᠠᠶᠢᠭᠤᠯᠵᠤ᠂ ᠣᠶ ᠰᠢᠭᠤᠢ ᠶᠢᠨ ᠰᠡᠷᠭᠡᠶᠢᠯᠡᠯᠲᠡ ᠶᠢᠨ ᠲᠣᠬᠢᠷᠠᠭᠤᠯᠤᠯᠲᠠ ᠶᠢᠨ ᠨᠠᠷᠢᠯᠢᠭ ᠣᠨᠣᠪᠴᠢᠲᠤ ᠴᠢᠨᠠᠷ᠂ | ᠪᠠᠶᠢᠷᠢᠯᠠᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠰᠢᠢᠳᠪᠦᠷᠢᠯᠡᠯᠲᠡ ᠶᠢᠨ ᠥᠨᠳᠥᠷ ᠪᠦᠲᠦᠮᠵᠢᠲᠦ ᠴᠢᠨᠠᠷ ᠢ | ᠪᠦᠲᠦᠮᠵᠢᠲᠡᠶ ᠳᠡᠭᠡᠭᠰᠢᠯᠡᠭᠦᠯᠵᠦ᠂ ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ᠲᠤᠭ᠎ᠠ ᠪᠠᠷᠢᠮᠲᠠ ᠶᠢᠨ ᠴᠢᠨᠠᠷᠲᠠᠢ᠂ | ᠵᠢᠷᠤᠭᠴᠢᠯᠠᠭᠰᠠᠨ᠂ ᠣᠶᠤᠨᠴᠢᠯᠠᠭᠰᠠᠨ ᠵᠢᠯᠣᠭᠤᠳᠤᠯᠭ᠎ᠠ ᠶᠢ ᠪᠣᠳᠠᠲᠠᠶᠢᠵᠢᠭᠤᠯᠤᠭᠰᠠᠨ ᠢ ᠬᠠᠷᠠᠭᠤᠯᠵᠤ ᠪᠠᠶᠢᠨ᠎ᠠ᠃ | | | |