| 9 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠵᠢᠷᠦᠬᠡ ᠪᠠᠯᠭᠠᠰᠤᠨ ᠳᠤ ᠭᠦᠨᠵᠡᠭᠡᠶᠢᠷᠡᠨ ︽ᠲᠠᠪᠤᠨ ᠶᠡᠭᠡ | ᠡᠭᠦᠷᠭᠡ︾ ︽ᠲᠠᠪᠣᠳᠣᠭᠠᠷ ᠤᠳᠠᠭᠠᠨ ᠤ ᠠᠵᠤ ᠠᠬᠤᠢ ᠶᠢᠨ ᠨᠡᠶᠢᠲᠡᠮ ᠪᠠᠶᠢᠴᠠᠭᠠᠯᠲᠠ︾ ᠵᠢᠴᠢ ᠰᠤᠷᠭᠠᠭᠤᠯᠢ ᠶᠢᠨ | ᠬᠦᠷᠢᠶᠡᠨ ᠤ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠱᠠᠭᠠᠷᠳᠠᠨ ᠪᠠᠶᠢᠴᠠᠭᠠᠵᠤ ᠵᠢᠭᠠᠨ ᠵᠢᠯᠣᠭᠤᠳᠪᠠ᠃ | | | ᠵᠢᠷᠦᠬᠡ ᠪᠠᠯᠭᠠᠰᠤᠨ ᠳᠤ᠂ ᠰᠦᠸᠧ ᠮᠢᠩ ᠢᠦᠢ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ | ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠵᠢᠷᠦᠬᠡ ᠪᠠᠯᠭᠠᠰᠤ ᠶᠢᠨ ︽ᠲᠠᠪᠤᠨ ᠶᠡᠭᠡ ᠡᠭᠦᠷᠭᠡ︾ ᠶᠢ ᠠᠬᠢᠭᠤᠯᠤᠨ | ᠨᠠᠶᠢᠳᠠᠪᠤᠷᠢᠵᠢᠭᠤᠯᠤᠭᠰᠠᠨ᠂ ︽ᠲᠠᠪᠣᠳᠣᠭᠠᠷ ᠤᠳᠠᠭᠠᠨ ᠤ ᠠᠵᠤ ᠠᠬᠤᠢ ᠶᠢᠨ ᠨᠡᠶᠢᠲᠡᠮ ᠪᠠᠶᠢᠴᠠᠭᠠᠯᠲᠠ︾ ᠶᠢ | ᠢᠯᠭᠠᠷᠠᠭᠤᠯᠣᠨ ᠪᠠᠶᠢᠴᠠᠭᠠᠭᠰᠠᠨ ᠵᠡᠷᠭᠡ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠬᠤ ᠶᠢᠨ | ᠬᠠᠮᠲᠤ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠳᠤ ᠠᠬᠤᠢ ᠲᠠᠯᠠᠪᠠᠢ ᠳᠤ ᠵᠢᠭᠠᠨ ᠵᠢᠯᠣᠭᠤᠳᠪᠠ᠃ | ︽ᠲᠠᠪᠤᠨ ᠶᠡᠭᠡ ᠡᠭᠦᠷᠭᠡ︾ ᠳᠤ ᠴᠢᠭᠯᠡᠭᠦᠯᠦᠨ᠂ ᠰᠦᠸᠧ ᠮᠢᠩ ᠢᠦᠢ ᠵᠢᠭᠠᠪᠣᠷᠢᠯᠠᠭᠰᠠᠨ ᠨᠢ᠂ ᠵᠢᠷᠦᠬᠡ | ᠪᠠᠯᠭᠠᠰᠤᠨ ᠤ ᠨᠠᠮ ᠤᠨ ᠬᠤᠷᠢᠶ᠎ᠠ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ | ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ︽ | ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠶᠢᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠬᠤ ᠬᠡᠷᠡᠭᠲᠡᠢ︔ | ᠬᠤᠰᠢᠭᠤᠨ ᠤ ︽ᠲᠠᠪᠤᠨ ᠶᠡᠭᠡ ᠡᠭᠦᠷᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶ᠎ᠠ ᠳᠤ ᠨᠡᠶᠢᠴᠡᠭᠦᠯᠦᠨ ᠵᠢᠱᠢᠶᠡᠴᠢ | ᠲᠠᠢ ᠲᠡᠩᠴᠡᠭᠦᠯᠦᠨ ᠨᠠᠶᠢᠳᠠᠪᠤᠷᠢᠵᠢᠭᠤᠯᠬᠤ ᠶᠢ ᠠᠳᠬᠤᠨ᠂ ᠲᠥᠰᠥᠯ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ | ᠪᠣᠳᠠᠲᠠᠶᠢᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠣᠨᠣᠴᠠᠲᠠᠢ ᠪᠠᠷ ᠬᠦᠴᠦᠯᠡᠨ | ᠪᠡᠶᠡᠯᠡᠭᠦᠯᠵᠦ᠂ ︽ᠲᠠᠪᠤᠨ ᠶᠡᠭᠡ ᠡᠭᠦᠷᠭᠡ︾ ᠶᠢ ᠲᠤᠰᠢᠶᠠᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ | ᠲᠤᠰᠢᠶᠠᠬᠤ ᠬᠡᠷᠡᠭᠲᠡᠢ ᠭᠡᠪᠡ᠃ | ᠰᠦᠸᠧ ᠮᠢᠩ ᠢᠦᠢ ︽ᠲᠠᠪᠣᠳᠣᠭᠠᠷ ᠤᠳᠠᠭᠠᠨ ᠤ ᠠᠵᠤ ᠠᠬᠤᠢ ᠶᠢᠨ ᠨᠡᠶᠢᠲᠡᠮ ᠪᠠᠶᠢᠴᠠᠭᠠᠯᠲᠠ︾ ᠶᠢᠨ | ᠠᠵᠢᠯ ᠳᠤ ᠴᠢᠭᠯᠡᠭᠦᠯᠦᠨ ᠵᠢᠭᠠᠪᠣᠷᠢᠯᠠᠭᠰᠠᠨ ᠨᠢ᠂ ᠢᠯᠭᠠᠷᠠᠭᠤᠯᠤᠨ ᠪᠠᠶᠢᠴᠠᠭᠠᠬᠤ ᠪᠣᠯ ︽ᠲᠠᠪᠣᠳᠣᠭᠠᠷ ᠤᠳᠠᠭᠠᠨ ᠤ | ᠠᠵᠤ ᠠᠬᠤᠢ ᠶᠢᠨ ᠨᠡᠶᠢᠲᠡᠮ ᠪᠠᠶᠢᠴᠠᠭᠠᠯᠲᠠ︾ ᠶᠢᠨ ᠬᠠᠮᠤᠭ ᠤᠨ ᠰᠠᠭᠤᠷᠢ ᠪᠠ ᠬᠠᠮᠤᠭ ᠤᠨ ᠴᠢᠬᠤᠯᠠ ᠠᠵᠢᠯ ᠮᠥᠨ᠂ | ᠡᠨᠡ ᠨᠢ ᠬᠤᠶᠢᠰᠢᠳᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠤᠨ ᠶᠠᠰᠤ ᠴᠢᠨᠠᠷ ᠪᠠ ᠦᠷ᠎ᠡ | ᠳ᠋ᠦᠩ ᠲᠠᠢ ᠰᠢᠭᠤᠳ ᠬᠤᠯᠪᠣᠭᠳᠠᠵᠤ ᠪᠠᠶᠢᠳᠠᠭ᠃ ᠵᠢᠷᠦᠬᠡ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠬᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠴᠢᠬᠤᠯᠠ | ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠣᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠢᠯᠭᠠᠷᠠᠭᠤᠯᠤᠨ ᠪᠠᠶᠢᠴᠠᠭᠠᠬᠤ ᠠᠵᠢᠯ ᠪᠣᠯᠣᠨ | ︽ᠲᠠᠪᠣᠳᠣᠭᠠᠷ ᠤᠳᠠᠭᠠᠨ ᠤ ᠠᠵᠤ ᠠᠬᠤᠢ ᠶᠢᠨ ᠨᠡᠶᠢᠲᠡᠮ ᠪᠠᠶᠢᠴᠠᠭᠠᠯᠲᠠ︾ ᠶᠢᠨ ᠡᠯ᠎ᠡ ᠵᠦᠢᠯ ᠤᠨ ᠠᠵᠢᠯ ᠤᠨ | ᠡᠭᠦᠷᠭᠡ ᠶᠢ ᠴᠠᠭ ᠬᠤᠭᠤᠴᠠᠭ᠎ᠠ ᠶᠢ ᠪᠠᠲᠤᠯᠠᠨ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠬᠡᠷᠡᠭᠲᠡᠢ︔ | ᠭᠤᠣᠯᠳᠠᠯᠭ᠎ᠠ ᠲᠠᠢ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠣᠳᠣᠭᠠᠷ ᠤᠳᠠᠭᠠᠨ ᠤ ᠠᠵᠤ | ᠠᠬᠤᠢ ᠶᠢᠨ ᠨᠡᠶᠢᠲᠡᠮ ᠪᠠᠶᠢᠴᠠᠭᠠᠯᠲᠠ︾ ᠶᠢᠨ ᠠᠵᠠ ᠲᠣᠬᠢᠶᠠᠯ ᠢ ᠠᠮᠵᠢᠵᠤ᠂ ᠬᠠᠷᠢᠶ᠎ᠠ ᠣᠷᠣᠨ ᠤ ᠪᠠᠨ ᠠᠵᠤ | ᠠᠬᠤᠢ ᠶᠢᠨ ︽ᠪᠠᠶᠢᠳᠠᠯ︾ ᠢ ᠲᠣᠳᠣᠷᠬᠠᠢ ᠣᠶᠢᠯᠠᠭᠠᠵᠤ᠂ ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢ | ᠲᠠᠪᠬᠤᠷᠳᠠᠭᠤᠯᠬᠤ ᠦᠭᠡᠢ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠲᠤᠭ᠎ᠠ ᠪᠠᠷᠢᠮᠲᠠ ᠶᠢᠨ ᠦᠨᠡᠨ | ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠵᠤ᠂ ︽ᠮᠥᠬᠦᠯᠢᠭ ᠠᠮᠤ ᠶᠢ ᠴᠦ ᠬᠥᠮᠥᠷᠭᠡ ᠳᠤ ᠣᠷᠣᠭᠤᠯᠬᠤ︾ | ᠶᠢ ᠪᠡᠶᠡᠯᠡᠭᠦᠯᠬᠦ ᠬᠡᠷᠡᠭᠲᠡᠢ ᠭᠡᠪᠡ᠃ | ᠵᠢᠷᠦᠬᠡ ᠪᠠᠯᠭᠠᠰᠤᠨ ᠤ ᠭᠤᠣᠯ ᠰᠤᠷᠭᠠᠭᠤᠯᠢ ᠳᠤ᠂ ᠰᠦᠸᠧ ᠮᠢᠩ ᠢᠦᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ᠂ | ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠭᠡᠷᠡᠴᠢᠯᠡᠯ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ | ᠠᠷᠢᠭᠤᠳᠬᠠᠬᠤ᠂ ᠢᠳᠡᠭᠡᠨ ᠤ ᠥᠯᠢᠭᠡᠷ ᠦᠯᠡᠳᠡᠭᠡᠬᠦ ᠵᠡᠷᠭᠡ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠤᠷᠭᠠᠭᠤᠯᠢ ᠶᠢᠨ | ᠬᠤᠭᠤᠯᠠᠨ ᠭᠡᠷ ᠤᠨ ᠣᠶᠢᠷ᠎ᠠ ᠶᠢᠨ ᠬᠤᠭᠤᠴᠠᠭᠠᠨ ᠳᠤ ᠬᠤᠳᠠᠯᠳᠤᠨ ᠠᠪᠤᠭᠰᠠᠨ ᠡᠯ᠎ᠡ ᠲᠥᠷᠥᠯ ᠤᠨ ᠢᠳᠡᠭᠡᠨ ᠤ | ᠲᠦᠭᠦᠬᠡᠢ ᠮᠠᠲ᠋ᠧᠷᠢᠶᠠᠯ ᠵᠢᠴᠢ ᠪᠠᠷᠠᠭ᠎ᠠ ᠣᠷᠣᠭᠤᠯᠤᠭᠰᠠᠨ ᠡᠬᠡ ᠲᠠᠩᠰᠠ ᠳᠤ ᠨᠠᠷᠢᠨ ᠪᠠᠶᠢᠴᠠᠭᠠᠯᠲᠠ ᠬᠢᠪᠡ᠃ | ᠰᠦᠸᠧ ᠮᠢᠩ ᠢᠦᠢ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠢᠨ ᠢᠳᠡᠭᠡᠨ ᠤ ᠠᠮᠤᠷ ᠲᠦᠪᠰᠢᠨ ᠭᠡᠬᠦ | ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ | ᠠᠵᠢᠯ ᠦᠢᠯᠡᠰ ᠤᠨ ᠰᠡᠳᠬᠢᠯᠭᠡ ᠪᠠᠷ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ | ᠲᠠᠰᠤᠷᠠᠯᠲᠠ ᠦᠭᠡᠢ ᠨᠠᠷᠢᠯᠢᠭᠵᠢᠭᠤᠯᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠬᠢ ᠠᠴᠠ ᠨᠢ | ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠲᠦᠭᠰᠢᠭᠦᠷᠢ ᠶᠢ ᠨᠢ ᠴᠢᠩᠭ᠎ᠠ ᠡᠵᠡᠮᠳᠡᠬᠦ ᠶᠢ ᠦᠨᠡᠨᠬᠦ | ᠪᠡᠶᠡᠯᠡᠭᠦᠯᠵᠦ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠬᠤᠭᠤᠯᠠ ᠪᠠᠵᠠᠭᠠᠬᠤ᠂ ᠬᠤᠭᠤᠯᠠᠨ ᠤ ᠰᠠᠪᠠ | ᠬᠡᠷᠡᠭᠰᠡᠯ ᠢ ᠠᠷᠢᠭᠤᠳᠬᠠᠬᠤ ᠵᠡᠷᠭᠡ ᠵᠠᠩᠭᠢᠯᠠᠭ᠎ᠠ ᠶᠢᠨ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠢ ᠲᠠᠢ ᠬᠤᠭᠤᠯᠠ | ᠵᠠᠭᠤᠰᠢ ᠪᠣᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠵᠡᠷᠭᠡ ᠳᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠬᠢᠨ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠪᠠ ᠤᠳᠠᠭ᠎ᠠ ᠳᠠᠷᠠᠭ᠎ᠠ ᠪᠠᠨ ᠴᠢᠩᠭᠠᠷᠠᠭᠤᠯᠵᠤ᠂ ᠠᠯᠳᠠᠭᠳᠠᠯ ᠢᠶᠠᠨ ᠪᠠᠶᠢᠴᠠᠭᠠᠵᠤ | ᠳᠣᠲᠠᠭᠳᠠᠯ ᠢᠶᠠᠨ ᠨᠥᠬᠦᠪᠦᠷᠢᠯᠡᠬᠦ ᠪᠠ ᠪᠠᠬᠢᠵᠢᠭᠦᠯᠦᠨ ᠳᠡᠭᠡᠭᠰᠢᠯᠡᠭᠦᠯᠬᠦ ᠶᠢ ᠴᠢᠷᠮᠠᠶᠢᠨ ᠰᠠᠶᠢᠲᠤᠷ ᠬᠢᠵᠦ᠂ ︽ | ᠳ᠋ᠧᠩ ᠤᠨ ᠳᠣᠣᠷ᠎ᠠ ᠪᠦᠲᠡᠭᠢ︾ ᠭᠡᠬᠦ ᠦᠵᠡᠭᠳᠡᠯ ᠭᠠᠷᠬᠤ ᠶᠢ ᠦᠨᠡᠨᠬᠦ ᠰᠡᠷᠭᠡᠶᠢᠯᠡᠬᠦ ᠬᠡᠷᠡᠭᠲᠡᠢ ᠭᠡᠪᠡ᠃ | | | |