| ᠣᠶᠢᠷ᠎ᠠ ᠳᠤ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ ᠮᠦ ᠲᠢᠶᠧ ᠮᠢᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠳᠤ ᠬᠦᠷᠴᠦ ᠪᠠᠶᠢᠴᠠᠭᠠᠨ ᠰᠤᠳᠣᠯᠵᠤ ᠵᠢᠭᠠᠨ | ᠵᠢᠯᠣᠭᠤᠳᠪᠠ᠃ ᠠᠯᠪᠠᠯᠠᠬᠤ ᠭᠠᠵᠠᠷ ᠵᠡᠷᠭᠡ ᠪᠠᠶᠢᠳᠠᠯ ᠢ ᠪᠣᠲᠠᠲᠠᠢ ᠪᠠᠶᠢᠴᠠᠭᠠᠨ ᠦᠵᠡᠭᠰᠡᠨ ᠤ ᠳᠠᠷᠠᠭ᠎ᠠ ᠰᠠᠭᠤᠳᠠᠯ ᠤᠨ | ᠬᠤᠷᠠᠯ ᠬᠢᠵᠦ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠥᠷᠨᠢᠭᠦᠯᠦᠭᠰᠡᠨ | ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ ᠵᠡᠷᠭᠡ ᠶᠢᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠪᠤᠳᠤᠬᠤ ᠰᠠᠯᠠᠭ᠎ᠠ ᠮᠥᠴᠢᠷ ᠤᠨ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠦᠢᠯᠡᠳᠦᠯ ᠪᠠ ᠣᠯᠣᠭᠰᠠᠨ ᠠᠮᠵᠢᠯᠲᠠ ᠶᠢ ᠭᠦᠢᠴᠡᠳ | ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | ᠮᠦ ᠲᠢᠶᠧ ᠮᠢᠨ ᠴᠢᠬᠤᠯᠠᠴᠢᠯᠠᠭᠰᠠᠨ ᠨᠢ᠂ ᠲᠤᠬᠠᠶᠢᠯᠠᠭᠰᠠᠨ ᠠᠵᠢᠯ ᠢᠶᠠᠨ ᠭᠦᠨᠵᠡᠭᠡᠢ ᠰᠤᠳᠣᠯᠵᠤ᠂ ᠬᠢᠨᠠᠨ | ᠪᠤᠳᠤᠬᠤ ᠺᠠᠳ᠋ᠷᠴᠤᠳ ᠣᠨᠴᠠᠭᠠᠶᠢᠯᠠᠨ ᠵᠠᠯᠠᠭᠤ ᠺᠠᠳ᠋ᠷᠴᠤᠳ ᠠᠵᠢᠯ ᠤᠨ ᠳᠦᠷᠢ ᠪᠠᠨ ᠠᠯᠢ ᠲᠦᠷᠭᠡᠨ ᠢᠶᠠᠷ | ᠬᠤᠪᠢᠷᠠᠭᠤᠯᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠬᠤ ᠶᠢ ᠪᠠᠷᠢᠮᠲᠠᠯᠠᠨ᠂ ᠥᠪᠡᠷ ᠤᠨ ᠲᠤᠬᠠᠶᠢᠯᠠᠭᠰᠠᠨ | ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠵᠠᠯᠠᠭᠤᠴᠤᠳ ᠤᠨ ᠬᠠᠳᠠᠨ ᠵᠣᠷᠢᠭ ᠪᠠ ᠡᠷᠴᠢ ᠵᠣᠷᠢᠭ ᠢ ᠪᠠᠲᠤᠯᠠᠵᠤ᠂ | ᠴᠢᠷᠮᠠᠶᠢᠯᠲᠠ ᠦᠭᠡᠢ ᠪᠠᠶᠢᠬᠤ ᠶᠢ ᠲᠡᠪᠴᠢᠬᠦ ᠬᠡᠷᠡᠭᠲᠡᠢ᠃ ᠵᠣᠷᠢᠭᠲᠠᠢ ᠪᠠᠷ ᠰᠡᠯᠡᠮ᠎ᠠ ᠳᠠᠯᠠᠶᠢᠵᠤ᠂ ᠬᠢᠨᠠᠨ ᠪᠤᠳᠤᠬᠤ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠢᠨᠠᠨ ᠪᠤᠳᠤᠬᠤ ᠠᠵᠢᠯ ᠤᠨ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠪᠣᠳᠠᠲᠠᠢ ᠠᠳᠬᠤᠵᠤ᠂ ᠠᠰᠠᠭᠤᠳᠠᠯ ᠢ ᠣᠨᠣᠪᠴᠢᠲᠠᠢ | ᠢᠯᠡᠷᠡᠭᠦᠯᠵᠦ᠂ ᠰᠢᠯᠲᠠᠭᠠᠨ ᠢ ᠭᠦᠨᠵᠡᠭᠡᠢ ᠵᠠᠳᠠᠯᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠪᠣᠳᠣᠯᠭ᠎ᠠ | ᠳᠤᠷᠠᠳᠴᠤ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠪᠣᠯᠣᠨ | ᠪᠡᠶᠡᠯᠡᠭᠦᠯᠦᠭᠰᠡᠨ ᠶᠠᠰᠤ ᠴᠢᠨᠠᠷ ᠢ ᠴᠢᠩᠭ᠎ᠠ ᠬᠢᠨᠠᠨ ᠱᠠᠭᠠᠷᠳᠠᠵᠤ᠂ ︽ᠬᠢᠷᠢ ᠪᠦᠲᠦᠮᠵᠢ ᠶᠢᠨ ᠬᠠᠭᠤᠳᠠᠰᠤ︾ ᠶᠢᠨ | ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠪᠦᠯᠬᠦᠮᠳᠡᠨ ᠬᠠᠮᠵᠢᠯᠴᠠᠵᠤ᠂ ᠬᠢᠨᠠᠨ ᠪᠤᠳᠤᠬᠤ ᠺᠠᠳ᠋ᠷ ᠨᠢᠭᠡᠪᠦᠷᠢ | ᠢᠮᠠᠭᠲᠠ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠪᠦᠯᠬᠦᠮᠳᠡᠨ ᠲᠡᠮᠡᠴᠡᠵᠦ᠂ ᠣᠨᠴᠠᠭᠠᠶᠢᠯᠠᠨ | ᠠᠬᠤᠢ ᠲᠠᠯᠠᠪᠠᠢ ᠶᠢᠨ ᠬᠢᠨᠠᠨ ᠪᠤᠳᠤᠬᠤ ᠪᠠ ᠬᠢᠨᠠᠨ ᠪᠤᠳᠤᠬᠤ ᠬᠦᠴᠦᠨ ᠢ ᠲᠣᠬᠢᠷᠠᠭᠤᠯᠬᠤ ᠠᠵᠢᠯ ᠤᠨ ᠳᠤᠮᠳᠠ | ᠢᠯᠡᠭᠦᠬᠡᠨ ᠣᠶᠢᠯᠠᠭᠠᠵᠤ᠂ ᠢᠯᠡᠭᠦᠬᠡᠨ ᠪᠠᠭᠲᠠᠭᠠᠵᠤ᠂ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠪᠦᠯᠬᠦᠮᠳᠡᠨ ᠨᠢᠭᠡᠳᠴᠦ ᠪᠠᠶᠢᠭᠠᠳ ᠬᠢᠨᠠᠨ ᠪᠤᠳᠤᠬᠤ ᠰᠢᠨ᠎ᠡ ᠠᠶᠠᠨ ᠵᠠᠮ ᠳᠤ ᠬᠠᠮᠲᠤ ᠪᠠᠷ ᠴᠢᠷᠮᠠᠶᠢᠬᠤ | ᠬᠡᠷᠡᠭᠲᠡᠢ᠃ ᠴᠢᠳᠠᠮᠠᠭᠠᠢ ᠪᠠᠷ ᠬᠠᠷᠢᠯᠴᠠᠵᠤ᠂ ᠬᠢᠨᠠᠨ ᠪᠤᠳᠤᠬᠤ ᠠᠵᠢᠯ ᠥᠷᠨᠢᠭᠦᠯᠬᠦ ᠳᠤ ᠴᠦ ᠲᠡᠷᠡ᠂ ᠬᠠᠮᠲᠤ | ᠠᠵᠢᠯᠯᠠᠭᠰᠠᠳ ᠤᠨ ᠬᠤᠭᠤᠷᠣᠨᠳᠣᠬᠢ ᠨᠡᠪᠲᠡᠷᠡᠯᠴᠡᠭᠡ ᠳᠤ ᠴᠦ ᠲᠡᠷᠡ᠂ ᠴᠥᠮ ᠥᠨᠳᠥᠷ ᠪᠦᠲᠦᠮᠵᠢᠲᠡᠢ | ᠬᠠᠮᠵᠢᠯᠴᠠᠭ᠎ᠠ ᠶᠢ ᠪᠠᠲᠤᠯᠠᠬᠤ ᠬᠡᠷᠡᠭᠲᠡᠢ ᠭᠡᠪᠡ᠃ | ᠮᠦ ᠲᠢᠶᠧ ᠮᠢᠨ ᠱᠠᠭᠠᠷᠳᠠᠭᠰᠠᠨ ᠨᠢ᠂ ᠡᠷᠬᠡ ᠪᠠᠨ ᠪᠣᠯᠭᠤᠮᠵᠢᠲᠠᠢ ᠬᠡᠷᠡᠭᠯᠡᠬᠦ ᠬᠡᠷᠡᠭᠲᠡᠢ᠂ ᠬᠢᠨᠠᠨ ᠪᠤᠳᠤᠬᠤ ᠪᠣᠯ | ᠤᠯᠤᠰ ᠲᠥᠷᠥ ᠶᠢᠨ ᠪᠠᠶᠢᠭᠤᠯᠭ᠎ᠠ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠮᠥᠨ᠂ ︽ᠬᠤᠶᠠᠷ ᠢ ᠲᠣᠭᠲᠠᠭᠠᠬᠤ︾ | ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠷᠬᠡᠪᠰᠢ | ᠬᠠᠤᠯᠢ ᠶᠢ ᠬᠢᠨᠠᠮᠠᠭᠠᠢ ᠴᠢᠩᠭ᠎ᠠ ᠬᠡᠷᠡᠭᠵᠢᠭᠦᠯᠵᠦ᠂ ᠲᠣᠰ ᠪᠡᠶ᠎ᠡ ᠶᠢᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ | ᠪᠠᠷᠢᠮᠲᠠᠯᠠᠨ᠂ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠣᠮᠲᠠ ᠢᠮᠠᠭᠲᠠ ᠬᠢᠨᠠᠨ ᠪᠤᠳᠤᠬᠤ | ᠺᠠᠳ᠋ᠷᠴᠤᠳ ᠤᠨ ᠠᠷᠢᠭᠤᠨ ᠴᠢᠬᠡᠴᠢ ᠪᠠᠷ ᠢᠷᠠᠭᠤ ᠠᠯᠳᠠᠷ ᠢᠶᠠᠨ ᠪᠣᠯᠭᠠᠬᠤ ᠰᠠᠶᠢᠨ ᠰᠠᠶᠢᠬᠠᠨ ᠳᠦᠷᠢ ᠲᠥᠷᠬᠦ ᠶᠢ ᠴᠠᠭ | ᠢᠮᠠᠭᠲᠠ ᠬᠠᠮᠠᠭᠠᠯᠠᠬᠤ ᠬᠡᠷᠡᠭᠲᠡᠢ ᠭᠡᠪᠡ᠃ | |