ᠵᠠᠷᠤᠳ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠬᠢᠨ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ︾ ᠤᠨ ᠰᠢᠷᠢᠰ ᠠᠵᠢᠯᠯᠠᠭ᠎ᠠ ᠥᠷᠨᠢᠭᠦᠯᠪᠡ ︱ ᠬᠢᠲᠠᠳ ᠡᠪᠡᠰᠦᠨ ᠡᠮ ᠳᠠᠷᠢᠬᠤ ᠮᠡᠷᠭᠡᠵᠢᠯ ᠤᠨ ᠪᠣᠯᠪᠠᠰᠤᠷᠠᠭᠤᠯᠤᠯ ᠢ ᠲᠠᠷᠢᠶᠠᠨ ᠭᠠᠵᠠᠷ ᠲᠤ ᠬᠦᠷᠭᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/6
    ᠬᠢᠲᠠᠳ ᠡᠪᠡᠰᠦᠨ ᠡᠮ ᠤᠨ ᠠᠵᠤ ᠦᠢᠯᠡᠰ ᠤᠨ ᠲᠠᠷᠢᠮᠠᠯ ᠤᠨ ᠬᠦᠭᠵᠢᠯᠳᠡ ᠶᠢ ᠠᠬᠢᠭᠤᠯᠵᠦ ᠂ ᠲᠠᠷᠢᠶᠠᠴᠢᠨ ᠡᠷᠦᠬᠡ ᠶᠢᠨ ᠬᠢᠲᠠᠳ ᠡᠪᠡᠰᠦᠨ ᠡᠮ ᠳᠠᠷᠢᠬᠤ ᠮᠡᠷᠭᠡᠵᠢᠯ ᠪᠠ ᠰᠢᠨᠵᠢᠯᠡᠬᠦ ᠤᠬᠠᠭᠠᠨᠴᠢ ᠪᠠᠷ ᠳᠠᠷᠢᠬᠤ ᠠᠷᠭ᠎ᠠ ᠶᠢ ᠲᠦᠭᠡᠮᠡᠯᠵᠢᠭᠦᠯᠬᠦ ᠶᠢᠨ ᠲᠥᠯᠥᠭᠡ᠂ 9 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠤᠨ ᠬᠢᠨ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ᠂ ᠦᠨᠡᠭᠡᠴᠢ ᠰᠤᠮᠤ ᠲᠠᠢ ᠬᠠᠮᠲᠤᠷᠠᠨ ᠦᠨᠡᠭᠡᠴᠢ ᠰᠤᠮᠤ ᠶᠢᠨ ᠪᠠᠶᠠᠨᠬᠤᠸᠠ ᠭᠠᠴᠠᠭ᠎ᠠ ᠶᠢᠨ ᠣᠶ ᠰᠢᠭᠤᠢ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠲᠤ ᠬᠢᠲᠠᠳ ᠡᠪᠡᠰᠦᠨ ᠡᠮ ᠳᠠᠷᠢᠬᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠦᠷᠨᠢᠭᠦᠯᠪᠡ᠂ 30 ᠭᠠᠷᠤᠢ ᠬᠢᠲᠠᠳ ᠡᠪᠡᠰᠦᠨ ᠡᠮ ᠳᠠᠷᠢᠭᠴᠢ᠂ ᠡᠪᠡᠰᠦᠨ ᠡᠮ ᠳᠠᠷᠢᠬᠤ ᠰᠠᠨᠠᠭ᠎ᠠ ᠲᠠᠢ ᠲᠠᠷᠢᠶᠠᠴᠢᠨ ᠡᠷᠦᠬᠡ ᠠᠵᠢᠯᠯᠠᠭ᠎ᠠ ᠳᠤ ᠤᠷᠤᠯᠴᠠᠪᠠ᠃    
微信图片_20230906094622.jpg
    ᠪᠣᠯᠪᠠᠰᠤᠷᠠᠭᠤᠯᠤᠯ ᠳᠤ ᠬᠢᠲᠠᠳ ᠡᠪᠡᠰᠦᠨ ᠡᠮ ᠳᠠᠷᠢᠬᠤ ᠲᠤᠰᠬᠠᠢ ᠮᠡᠷᠭᠡᠵᠢᠯᠲᠡᠨ ᠰᠢᠦᠢ ᠭᠦᠸᠧ ᠠᠨ ᠢ ᠤᠷᠢᠵᠤ ᠂ ᠬᠤᠷᠳᠤᠨ ᠴᠠᠭᠠᠨ᠂ ᠵᠢᠷᠦ᠋ᠭᠪᠡ᠂ ᠱᠦᠭᠦᠷᠭᠡᠨ᠎ᠡ᠂ ᠬᠥᠬᠦᠷᠭᠡᠨ᠎ᠡ ᠶᠢᠨ ᠦᠨᠳᠦᠰᠦ ᠵᠡᠷᠭᠡ ᠡᠮ ᠤᠨ ᠮᠠᠲ᠋ᠧᠷᠢᠶᠠᠯ ᠢ ᠪᠠᠷᠢᠮᠵᠢᠶᠠᠵᠢᠭᠤᠯᠤᠨ ᠳᠠᠷᠢᠬᠤ ᠮᠡᠷᠭᠡᠵᠢᠯ᠂ ᠬᠢᠲᠠᠳ ᠡᠮ ᠤᠨ ᠮᠠᠲ᠋ᠧᠷᠢᠶᠠᠯ ᠳᠤ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠶᠢ ᠪᠠᠭᠠᠰᠬᠠᠬᠤ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠪᠠᠭᠠᠰᠬᠠᠬᠤ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠵᠡᠷᠭᠡ ᠠᠭᠤᠯᠭ᠎ᠠ ᠶᠢᠨ ᠲᠠᠯ᠎ᠠ ᠪᠠᠷ ᠮᠡᠷᠭᠡᠵᠢᠯ ᠤᠨ ᠪᠣᠯᠪᠠᠰᠤᠷᠠᠭᠤᠯᠤᠯ ᠬᠢᠪᠡ᠃      
微信图片_20230906094626.jpg
    ᠪᠣᠯᠪᠠᠰᠤᠷᠠᠯ ᠤᠨ ᠳᠤᠮᠳᠠ᠂ ᠲᠠᠷᠢᠶᠠᠴᠢᠳ ᠬᠢᠲᠠᠳ ᠡᠪᠡᠰᠦᠨ ᠡᠮ ᠳᠠᠷᠢᠬᠤ ᠰᠠᠭᠤᠷᠢᠨ ᠭᠠᠵᠠᠷ ᠢ ᠲᠣᠭᠤᠷᠢᠨ ᠦᠵᠡᠵᠦ᠂ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠳᠣᠣᠷ᠎ᠠ᠂ ᠡᠯ᠎ᠡ ᠵᠦᠢᠯ ᠤᠨ ᠬᠢᠲᠠᠳ ᠡᠪᠡᠰᠦᠨ ᠡᠮ ᠤᠨ ᠤᠷᠭᠤᠯᠲᠠ ᠶᠢᠨ ᠳᠠᠳᠬᠠᠯ ᠪᠠ ᠳᠠᠷᠢᠬᠤ ᠮᠡᠷᠭᠡᠵᠢᠯ ᠢ ᠬᠠᠨᠳᠤᠯᠭᠠᠲᠤ ᠴᠢᠨᠠᠷᠲᠠᠢ ᠪᠠᠷ ᠣᠶᠢᠯᠠᠭᠠᠪᠠ᠃ ᠰᠤᠷᠤᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠢᠯᠯᠠᠭ᠎ᠠ ᠨᠢ ᠲᠡᠳᠡᠨ ᠳᠤ ᠮᠠᠰᠢ ᠣᠯᠠᠨ ᠰᠢᠨ᠎ᠡ ᠲᠠᠷᠢᠬᠤ ᠮᠡᠷᠭᠡᠵᠢᠯ ᠪᠠ ᠣᠶᠢᠯᠠᠭᠠᠭᠳᠠᠬᠤᠨ ᠢ ᠣᠶᠢᠯᠠᠭᠠᠭᠤᠯᠵᠤ᠂ ᠲᠡᠳᠡᠨ ᠤ ᠬᠢᠲᠠᠳ ᠡᠪᠡᠰᠦᠨ ᠡᠮ ᠳᠠᠷᠢᠬᠤ ᠠᠵᠢᠯ ᠳᠤ ᠮᠠᠰᠢ ᠶᠡᠭᠡ ᠰᠡᠩᠬᠡᠷᠡᠭᠦᠯᠦᠯ ᠪᠠ ᠬᠠᠪᠰᠤᠷᠤᠯᠭ᠎ᠠ ᠦᠵᠡᠭᠦᠯᠵᠡᠢ ᠭᠡᠪᠡ᠃     
微信图片_20230906094617.jpg
     ᠲᠣᠰ ᠤᠳᠠᠭᠠᠨ ᠤ ᠬᠢᠲᠠᠳ ᠡᠪᠡᠰᠦᠨ ᠡᠮ ᠳᠠᠷᠢᠬᠤ ᠮᠡᠷᠭᠡᠵᠢᠯ ᠤᠨ ᠪᠣᠯᠪᠠᠰᠤᠷᠠᠭᠤᠯᠤᠯ ᠢᠶᠠᠷ ᠳᠡᠮᠵᠢᠨ᠂ ᠬᠢᠲᠠᠳ ᠡᠪᠡᠰᠦᠨ ᠡᠮ ᠳᠠᠷᠢᠬᠤ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠳᠠᠷᠢᠬᠤ ᠮᠡᠷᠭᠡᠵᠢᠯ ᠢ ᠳᠡᠭᠡᠭᠰᠢᠯᠡᠭᠦᠯᠬᠦ ᠶᠢᠨ ᠬᠠᠮᠲᠤ᠂ ᠪᠥᠬᠦ ᠬᠤᠰᠢᠭᠤᠨ ᠤ ᠡᠪᠡᠰᠦᠨ ᠡᠮ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠰᠢᠭᠤᠨ ᠤ ᠬᠢᠲᠠᠳ ᠡᠪᠡᠰᠦᠨ ᠡᠮ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠤᠪᠣᠷ ᠨᠠᠨᠳᠢᠨ ᠦᠷ᠎ᠡ ᠰᠠᠴᠤᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号